ᠨᠢᠩᠴᠧᠩ ᠰᠢᠶᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠨ ᠬᠠᠪᠤᠷ ᠤᠨ ᠲᠠᠷᠢᠶᠠᠯᠠᠭ᠎ᠠ ᠶᠢ ᠰᠠᠶᠢᠳᠤᠷ ᠪᠡᠯᠡᠳᠭᠡᠨ᠎ᠡ
ᠨᠡᠶᠢᠲᠡᠯᠡᠭᠰᠡᠨ ᠴᠠᠭ᠄
2024/3/13
ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠷᠲᠡ ᠠᠴᠠ ᠪᠠᠶᠢᠷᠢᠯᠠᠭᠤᠯᠤᠨ᠎ᠠ᠃ ᠲᠤᠰᠬᠠᠢ ᠵᠦᠢᠯ ᠤᠨ ᠤᠳᠤᠷᠢᠳᠬᠤ ᠵᠣᠬᠢᠶᠠᠨ ᠪᠠᠶᠢᠭᠤᠯᠤᠯᠲᠠ ᠪᠠ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠡᠯ᠎ᠡ ᠵᠦᠢᠯ ᠤᠨ ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠬᠢᠵᠦ᠂ 2024 ᠣᠨ ᠤ ᠠᠮᠤ ᠪᠤᠳᠠᠭ᠎ᠠ ᠳᠠᠷᠢᠬᠤ ᠲᠠᠯᠠᠪᠠᠶ ᠶᠢ 147.5 ᠲᠦᠮᠡᠨ ᠮᠦ ᠠᠴᠠ ᠳᠡᠭᠡᠭᠰᠢ᠂ ᠡᠷᠳᠡᠨᠢ ᠰᠢᠰᠢ 105.5 ᠲᠦᠮᠡᠨ ᠮᠦ᠂ ᠰᠢᠷ᠎ᠠ ᠪᠤᠷᠴᠠᠭ 1.0 ᠲᠦᠮᠡᠨ ᠮᠦ ᠳᠤ ᠲᠣᠭᠲᠠᠪᠤᠷᠢᠵᠢᠭᠤᠯᠬᠤ ᠶᠢ ᠲᠣᠳᠣᠷᠬᠠᠶᠢᠯᠠᠬᠤ ᠶᠢᠨ ᠬᠠᠮᠲᠤ ᠢᠷᠡᠭᠡᠳᠦᠢ ᠶᠢᠨ ᠴᠠᠭ ᠠᠭᠤᠷ ᠤᠨ ᠪᠠᠶᠢᠳᠠᠯ ᠪᠠ ᠴᠠᠭ ᠠᠭᠤᠷ ᠤᠨ ᠭᠠᠮᠰᠢᠭ ᠤᠨ ᠬᠥᠭᠵᠢᠯᠲᠡ ᠶᠢᠨ ᠬᠠᠨᠳᠤᠰᠢ ᠶᠢ ᠤᠷᠢᠳᠴᠢᠯᠠᠨ ᠣᠶᠢᠯᠠᠭᠠᠵᠤ᠂ ᠲᠠᠷᠢᠶᠠᠴᠢᠨ ᠡᠷᠦᠬᠡ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ ᠪᠠᠶᠢᠭᠠᠳ ᠬᠥᠷᠥᠰᠥ ᠰᠢᠷᠣᠢ ᠶᠢᠨ ᠴᠢᠬᠢᠭ ᠢ ᠨᠡᠮᠡᠭᠳᠡᠭᠦᠯᠵᠦ ᠴᠢᠬᠢᠭ ᠢ ᠬᠠᠮᠠᠭᠠᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠨ᠎ᠡ᠃ ᠬᠤᠶᠠᠷ ᠲᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠬᠠᠩᠭᠠᠯᠭ᠎ᠠ ᠶᠢ ᠲᠣᠭᠲᠠᠪᠤᠷᠢᠵᠢᠭᠤᠯᠤᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠪᠠ ᠪᠣᠷᠣᠯᠠᠭᠤᠯᠬᠤ ᠶᠢ ᠵᠣᠯᠭᠠᠭᠤᠯᠬᠤ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠵᠡᠷᠭᠡ  ᠲᠡᠷᠢᠶᠠᠨ ᠦᠷ᠎ᠡ ᠵᠢᠴᠢ ᠲᠠᠷᠢᠶᠠᠨ ᠡᠮ ᠤᠨ ᠪᠣᠷᠳᠣᠭᠤᠷ ᠵᠡᠷᠭᠡ ᠡᠳ᠋ ᠪᠣᠳᠠᠰ ᠢ ᠴᠠᠭ ᠲᠤᠬᠠᠢ ᠳᠤᠨᠢ ᠨᠥᠬᠦᠪᠦᠷᠢᠯᠡᠬᠦ ᠶᠢᠨ ᠬᠠᠮᠲᠤ ᠦᠨ᠎ᠡ ᠬᠠᠩᠰᠢ ᠶᠢᠨ ᠲᠣᠭᠲᠠᠭᠤᠨ ᠪᠥᠭᠡᠳ ᠵᠦᠢ ᠵᠣᠬᠢᠰᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠣᠲᠣ ᠪᠣᠯᠲᠠᠯ᠎ᠠ᠂ ᠪᠥᠬᠦ ᠰᠢᠶᠠᠨ ᠤ ᠬᠠᠩᠭᠠᠨ ᠪᠣᠷᠣᠯᠠᠭᠤᠯᠬᠤ ᠰᠢᠰᠲ᠋ᠧᠮ ᠤᠨ ᠬᠢᠨ ᠨᠡᠶᠢᠲᠡ 5130 ᠲᠣᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠵᠦ ᠪᠠᠶᠢᠨ᠎ᠠ᠂ ᠡᠭᠦᠨ ᠳᠤ ᠬᠢᠮᠢ ᠶᠢᠨ ᠪᠣᠷᠳᠣᠭᠤᠷ 5000 ᠲᠣᠨ᠂ ᠲᠠᠷᠢᠶᠠᠯᠠᠩ ᠤᠨ ᠵᠤᠯᠤᠮ᠎ᠠ ᠪᠦᠷᠬᠦᠪᠴᠢ 70 ᠲᠣᠨ᠂ ᠳᠤᠰᠤᠯᠭᠠᠨ ᠤᠰᠤᠯᠠᠬᠤ ᠪᠦᠰᠡ 60 ᠲᠣᠨ ᠂ ᠪᠠᠰᠠ 3100 ᠤᠭᠤᠲᠠ ᠲᠡᠷᠢᠶᠠᠨ ᠦᠷ᠎ᠡ ᠪᠣᠶ᠃ ᠭᠤᠷᠪᠠ ᠳᠤ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠴᠠᠭ ᠲᠤᠬᠠᠢ ᠳᠤᠨᠢ ᠬᠠᠭᠠᠯᠪᠤᠷᠢᠯᠠᠨ᠎ᠠ᠃ ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ ᠦᠢᠯᠡᠴᠢᠯᠡᠭᠡᠨ ᠤ ᠠᠩᠭᠢ ᠪᠠᠶᠢᠭᠤᠯᠵᠤ᠂ ᠲᠠᠷᠢᠶᠠᠯᠠᠩ ᠤᠨ ᠮᠠᠰᠢᠨ ᠤ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠭᠦᠨᠵᠡᠭᠡᠶᠢᠷᠡᠵᠦ᠂ ᠥᠨᠳᠥᠷ ᠪᠦᠲᠦᠮᠵᠢᠲᠡᠶ ᠤᠷᠭᠤᠮᠠᠯ ᠤᠨ ᠬᠠᠮᠠᠭᠠᠯᠠᠯᠲᠠ ᠶᠢᠨ ᠮᠠᠰᠢᠨᠴᠢᠯᠠᠯᠲᠠ᠂ ᠮᠠᠰᠢᠨᠴᠢᠯᠠᠯᠲᠠ ᠶᠢᠨ ᠬᠤᠷᠢᠶᠠᠯᠲᠠ ᠵᠡᠷᠭᠡ ᠮᠡᠷᠭᠡᠵᠢᠯ ᠢ ᠤᠬᠠᠭᠤᠯᠤᠨ ᠲᠠᠶᠢᠯᠪᠤᠷᠢᠯᠠᠵᠤ᠂ ᠡᠭᠦᠨ ᠤ ᠬᠠᠮᠲᠤ ᠬᠠᠪᠤᠷ ᠤᠨ ᠤᠯᠠᠷᠢᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠠᠷᠠᠴᠢᠯᠠᠨ ᠬᠠᠮᠠᠭᠠᠯᠠᠬᠤ᠂ ᠰᠡᠯᠪᠢᠨ ᠵᠠᠰᠠᠬᠤ ᠦᠢᠯᠡᠴᠢᠯᠡᠭᠡ᠂ ᠤᠭᠰᠠᠷᠠᠵᠤ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠬᠦ ᠶᠢ ᠵᠢᠭᠠᠨ ᠵᠢᠯᠤᠭᠤᠳᠴᠤ᠂ ᠪᠦᠷᠢᠳᠬᠡᠯ ᠢᠶᠠᠷ ᠳᠠᠮᠵᠢᠭᠠᠳ ᠪᠦᠬᠦ ᠰᠢᠶᠠᠨ ᠢᠶᠠᠷ ᠢᠶᠠᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠪᠠ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ 1300 ᠲᠦᠮᠡᠨ ᠲᠥᠭᠦᠷᠢᠭ ᠢ ᠨᠠᠶᠢᠳᠠᠪᠤᠷᠢᠵᠢᠭᠤᠯᠵᠤ᠂ ᠮᠠᠩᠨᠤᠳ᠂ ᠲᠢᠶᠠᠨ ᠢ ᠵᠡᠷᠭᠡ ᠰᠢᠶᠠᠩ ᠪᠠᠯᠭᠠᠰᠤᠨ ᠤ 600 ᠭᠠᠷᠤᠢ ᠲᠠᠷᠢᠶᠠᠯᠠᠩ ᠤᠨ ᠮᠠᠰᠢᠨ ᠪᠠ ᠦᠷ᠎ᠡ ᠰᠠᠴᠤᠬᠤ ᠮᠠᠰᠢᠨ᠂ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ᠂ ᠭᠦᠨ ᠰᠤᠯᠠᠷᠠᠭᠤᠯᠬᠤ ᠮᠠᠰᠢᠨ ᠵᠡᠷᠭᠡ ᠶᠢ ᠪᠠᠭᠲᠠᠭᠠᠭᠰᠠᠨ 690 ᠭᠠᠷᠤᠢ ᠲᠠᠷᠢᠶᠠᠯᠠᠩ ᠤᠨ ᠮᠠᠰᠢᠨ ᠪᠠᠭᠠᠵᠢ ᠶᠢ ᠨᠢᠭᠡᠳᠦᠯᠲᠡᠢ ᠲᠥᠯᠥᠪᠯᠡᠵᠦ᠂ ᠤᠷ᠎ᠠ ᠴᠢᠳᠠᠪᠤᠷᠢ ᠶᠢᠨ ᠦᠢᠯᠡᠴᠢᠯᠡᠭᠡᠨ ᠤ 15 ᠶᠡᠭᠡ ᠠᠩᠭᠢ ᠶᠢ ᠵᠣᠬᠢᠶᠠᠨ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ  ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号