ᠨᠢᠩᠴᠧᠩ ᠰᠢᠶᠠᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ ᠳᠠᠭᠠᠭᠤᠯᠤᠭᠴᠢ ᠳᠦᠷᠢ ᠲᠥᠷᠬᠦ ᠪᠠᠷ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ  ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/3/13
ᠨᠢᠭᠡ ᠳᠤ ᠬᠠᠤᠯᠢ ᠴᠠᠭᠠᠵᠠ ᠶᠢᠨ ᠬᠠᠩᠭᠠᠯᠭ᠎ᠠ ᠶᠢ ᠪᠠᠲᠤᠳᠬᠠᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠦᠮᠡᠨ ᠬᠠᠤᠯᠢᠴᠢ ᠶᠢᠨ ᠬᠥᠳᠡᠭᠡ ᠲᠣᠰᠬᠤᠨ ᠳᠤ ᠣᠴᠢᠬᠤ᠂ ᠠᠵᠤ ᠠᠬᠤᠶᠢᠯᠠᠯ ᠳᠤ ᠣᠴᠢᠬᠤ ᠠᠵᠢᠯᠯᠠᠭ᠎ᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠠᠤᠯᠢᠴᠢ ᠶᠢ ᠵᠣᠬᠢᠶᠠᠨ ᠪᠠᠶᠢᠭᠤᠯᠤᠨ 61 ᠭᠠᠴᠠᠭᠠᠨ ᠳᠤ ᠭᠦᠨᠵᠡᠭᠡᠶᠢᠷᠡᠭᠦᠯᠦᠨ ᠬᠠᠤᠯᠢ ᠴᠠᠭᠠᠵᠠ ᠶᠢᠨ ᠦᠢᠯᠡᠴᠢᠯᠡᠭᠡ ᠥᠷᠨᠢᠭᠦᠯᠵᠦ᠂ ᠠᠷᠠᠳ ᠤᠯᠠᠨ ᠳᠤ ︽ᠨᠢᠳᠦᠨ ᠳᠤ ᠦᠵᠡᠭᠳᠡᠬᠦ︾᠂ ︽ᠭᠠᠷ ᠲᠤ ᠪᠠᠷᠢᠭᠳᠠᠬᠤ︾ ᠬᠠᠤᠯᠢ ᠴᠠᠭᠠᠵᠠ ᠶᠢᠨ ᠦᠢᠯᠡᠴᠢᠯᠡᠭᠡ ᠶᠢ ᠮᠡᠳᠡᠷᠡᠭᠦᠯᠬᠦ ᠪᠠᠷ ᠴᠢᠷᠮᠠᠶᠢᠪᠠ᠃ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠬᠠᠤᠯᠢᠴᠢ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠤᠨᠢᠨ ᠳᠡᠭᠡᠷ᠎ᠡ ᠨᠢ ︽ᠰᠤᠳᠠᠯ ᠪᠠᠷᠢᠵᠤ︾ ᠥᠭᠪᠡ᠃ ᠬᠠᠤᠯᠢᠴᠢ ᠶᠢ ᠵᠣᠬᠢᠶᠠᠨ ᠪᠠᠶᠢᠭᠤᠯᠤᠨ 40 ᠭᠠᠷᠤᠢ ᠠᠵᠤ ᠠᠬᠤᠶᠢᠯᠠᠯ ᠳᠤ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ ᠪᠠ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠲᠠᠯ᠎ᠠ ᠪᠠᠷ ᠬᠢ ᠬᠠᠤᠯᠢ ᠴᠠᠭᠠᠵᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠤᠶᠠᠷ ᠲᠤ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠮᠵᠢ ᠶᠢᠨ ᠬᠠᠤᠯᠢ ᠴᠠᠭᠠᠵᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢᠴᠢ᠂ ᠠᠯᠪᠠᠨ ᠭᠡᠷᠡᠴᠢᠯᠡᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠨᠠᠷ ᠤᠨ ᠪᠠᠷᠢᠮᠵᠢᠶ᠎ᠠ᠂ ᠰᠦᠢᠳᠬᠡᠯ ᠬᠤᠷᠢᠶᠠᠬᠤ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠠᠵᠢᠯ ᠡᠷᠬᠢᠯᠡᠬᠦ ᠶᠢ ᠵᠠᠷᠯᠠᠨ ᠨᠡᠶᠢᠲᠡᠯᠡᠬᠦ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠢᠨ᠎ᠡ ᠪᠠᠷ ᠬᠢᠷᠢ ᠬᠡᠮ ᠣᠯᠣᠭᠰᠠᠨ ᠬᠠᠤᠯᠢᠴᠢ᠂ ᠠᠯᠪᠠᠨ ᠭᠡᠷᠡᠴᠢᠯᠡᠭᠴᠢ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ ᠠᠵᠢᠯ ᠡᠷᠬᠢᠯᠡᠬᠦ ᠠᠵᠢᠯᠯᠠᠭ᠎ᠠ ᠶᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠡᠮᠬᠢ ᠵᠢᠷᠤᠮ ᠢ ᠵᠢᠷᠤᠮᠵᠢᠭᠤᠯᠤᠨ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠬᠢᠨᠠᠯᠲᠠ ᠬᠠᠮᠢᠶᠠᠷᠤᠯᠲᠠ ᠶᠢ ᠬᠦᠴᠦᠲᠡᠢ ᠪᠣᠯᠭᠠᠨ᠎ᠠ᠃ ᠭᠤᠷᠪᠠ ᠳᠤ ᠬᠠᠤᠯᠢ ᠴᠠᠭᠠᠵᠠ ᠶᠢᠨ ᠬᠢᠨᠠᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠩᠴᠧᠩ ᠰᠢᠶᠠᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠵᠢᠴᠢ ᠵᠠᠰᠠᠭ ᠵᠠᠬᠢᠷᠭᠠᠨ ᠤ ᠳᠤᠷᠠᠳᠤᠯᠭ᠎ᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠡᠯ᠎ᠡ ᠨᠢᠭᠡᠴᠡ ᠶᠢᠨ ᠬᠢᠨᠠᠭᠤᠯᠬᠤ ᠪᠠᠷ ᠬᠦᠷᠭᠡᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠪᠠ ᠵᠠᠰᠠᠭ ᠵᠠᠬᠢᠷᠭᠠᠨ ᠤ ᠵᠥᠪᠯᠡᠯᠴᠡᠭᠡᠷ ᠵᠡᠷᠭᠡ ᠳᠤ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠰᠬᠠᠢ ᠵᠦᠢᠯ ᠢᠶᠠᠷ ᠢᠯᠭᠠᠷᠠᠭᠤᠯᠤᠨ ᠳᠢᠭᠯᠡᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠪᠠ ᠬᠠᠤᠯᠢ ᠬᠡᠷᠡᠭᠵᠢᠭᠦᠯᠬᠦ ᠬᠢᠷᠢ ᠬᠡᠮ ᠢ ᠭᠡᠷᠡᠴᠢᠯᠡᠬᠦ ᠰᠢᠯᠭᠠᠯᠲᠠ ᠶᠢ ᠬᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠦᠨᠡᠨᠬᠦ ᠪᠠᠲᠤᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠠᠵᠢᠯ ᠤᠨ ᠦᠷ᠎ᠡ ᠪᠦᠲᠦᠮᠵᠢ ᠪᠠ ᠢᠯᠡ ᠲᠣᠳᠣ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠳᠤ ᠣᠷᠣᠯᠴᠠᠭᠰᠠᠨ ᠤᠯᠤᠰ ᠲᠥᠷᠥ ᠶᠢᠨ ᠬᠠᠤᠯᠢ ᠬᠡᠷᠡᠭᠵᠢᠭᠦᠯᠬᠦ ᠠᠵᠢᠯᠲᠠᠨ 765 ᠬᠥᠮᠥᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号