ᠨᠢᠩᠴᠧᠩ ᠰᠢᠶᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠢᠳᠡᠭᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/18
 ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠬᠠᠮᠠᠭᠠᠯᠠᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ ᠨᠢᠩᠴᠧᠩ ᠰᠢᠶᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠢᠳᠡᠭᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ᠃   ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ 200 ᠮᠧᠲᠷ ᠤᠨ ᠬᠡᠪᠴᠢᠶᠡᠨ ᠳᠠᠬᠢ ᠰᠤᠷᠤᠭᠴᠢᠳ ᠲᠤ ᠬᠠᠨᠳᠤᠭᠤᠯᠤᠨ ᠪᠣᠷᠣᠯᠠᠭᠤᠯᠬᠤ ᠢᠳᠡᠭᠡᠨ ᠤ ᠡᠵᠡᠩᠨᠡᠯᠲᠡ ᠶᠢᠨ ᠨᠢᠭᠡᠴᠡ ᠪᠠᠷ ᠭᠤᠣᠯᠳᠠᠯᠭ᠎ᠠ ᠪᠣᠯᠭᠠᠨ᠂ ︽ᠭᠤᠷᠪᠠ ᠦᠭᠡᠢ︾ ᠪᠠᠶᠢᠬᠤ ᠡᠰᠡᠬᠦ᠂ ᠬᠤᠭᠤᠴᠠᠭ᠎ᠠ ᠬᠡᠳᠤᠷᠡᠭᠰᠡᠨ᠂ ᠢᠯᠵᠢᠷᠡᠭᠰᠡᠨ᠂ ᠴᠢᠨᠠᠷ ᠬᠤᠪᠢᠷᠠᠭᠰᠠᠨ᠂ ᠲᠡᠮᠳᠡᠭ ᠨᠢ ᠵᠢᠷᠤᠮᠵᠢᠯ ᠦᠭᠡᠢ ᠢᠳᠡᠭᠡᠨ ᠬᠤᠳᠠᠯᠳᠤᠨ ᠠᠪᠤᠭᠰᠠᠨ ᠡᠰᠡᠬᠦ᠂ ᠢᠳᠡᠭᠡᠨ ᠤ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠲᠣᠭᠲᠠᠭᠠᠭᠰᠠᠨ ᠡᠰᠡᠬᠦ᠂ ᠢᠳᠡᠭᠡᠨ ᠤᠮᠳᠠᠭᠠᠨ ᠤ ᠨᠢᠭᠡᠴᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠭᠰᠠᠨ ᠡᠰᠡᠬᠦ᠂ ᠬᠤᠳᠠᠯᠳᠤᠨ ᠠᠪᠴᠤ ᠬᠠᠳᠠᠭᠠᠯᠠᠭᠰᠠᠨ᠂ ᠤᠬᠢᠶᠠᠨ ᠴᠡᠪᠡᠷᠯᠡᠵᠦ ᠠᠷᠢᠭᠤᠳᠬᠠᠭᠰᠠᠨ᠂ ᠪᠣᠯᠪᠠᠰᠤᠷᠠᠭᠤᠯᠤᠨ ᠰᠢᠢᠳᠪᠦᠷᠢᠯᠡᠭᠰᠡᠨ ᠡᠰᠡᠬᠦ᠂ ᠢᠳᠡᠭᠡᠨ ᠤ ᠦᠯᠢᠭᠡᠷ ᠡᠳ᠋ ᠢ ᠵᠢᠷᠤᠮᠵᠢᠭᠤᠯᠤᠨ ᠬᠡᠷᠡᠭᠯᠡᠭᠰᠡᠨ ᠡᠰᠡᠬᠦ ᠵᠡᠷᠭᠡ ᠶᠢ ᠬᠢᠨᠠᠮᠠᠭᠠᠢ ᠪᠠᠶᠢᠴᠠᠭᠠᠪᠠ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠡᠵᠡᠩᠨᠡᠯᠲᠡ ᠶᠢᠨ ᠬᠢᠷᠢ ᠬᠡᠮ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠭᠡᠷᠡᠴᠢ᠂ ᠢᠳᠡᠭᠡᠨ ᠤ ᠵᠦᠢᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠡᠬᠡ ᠲᠠᠩᠰᠠ᠂ ᠭᠡᠷᠡᠴᠢ ᠪᠠᠷᠢᠮᠲᠠ ᠠᠪᠤᠭᠰᠠᠨ ᠲᠡᠮᠳᠡᠭᠯᠡᠯ ᠵᠡᠷᠭᠡ ᠶᠢ ᠨᠠᠷᠢᠨ ᠨᠢᠮᠪᠠᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠵᠡᠩᠨᠡᠭᠴᠢᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ ᠡᠯ᠎ᠡ ᠡᠵᠡᠩᠨᠡᠯᠲᠡ ᠶᠢᠨ ᠨᠢᠭᠡᠴᠡ ᠶᠢ ᠰᠢᠪᠠᠳᠠᠨ ᠬᠠᠤᠯᠢ ᠶᠢ ᠰᠠᠬᠢᠬᠤ ᠤᠬᠠᠮᠰᠠᠷ ᠢ ᠨᠢ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠡᠯ᠎ᠡ ᠲᠥᠷᠥᠯ ᠤᠨ ᠢᠳᠡᠭᠡᠨ ᠪᠠ ᠬᠡᠦᠬᠡᠳ ᠤᠨ ᠲᠣᠭᠯᠠᠭᠠᠮ ᠤᠨ ᠵᠦᠢᠯ ᠢ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠠᠢ᠃  ᠣᠲᠣ ᠪᠣᠯᠲᠠᠯ᠎ᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ 15 ᠵᠢᠵᠢᠭ ᠬᠡᠲᠦ ᠳᠡᠯᠭᠡᠭᠦᠷ᠂ ᠨᠠᠶᠢᠳᠠᠯᠭ᠎ᠠ ᠪᠠᠷ ᠬᠠᠮᠢᠶᠠᠷᠬᠤ 18 ᠪᠠᠶᠢᠭᠤᠯᠤᠮᠵᠢ᠂ 20 ᠵᠢᠵᠢᠭ ᠢᠳᠡᠭᠡᠨ ᠤᠮᠳᠠᠭᠠᠨ ᠤ ᠳᠡᠯᠭᠡᠭᠦᠷ ᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠦᠷ ᠣᠯᠵᠤ ᠮᠡᠳᠡᠭᠰᠡᠨ ᠦᠭᠡᠢ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号