| ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠬᠦ ᠪᠠ ᠬᠤᠷᠢᠭᠯᠠᠬᠤ ᠶᠢᠨ | ᠲᠥᠯᠥᠭᠡ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠣᠶ | ᠰᠢᠭᠤᠢ ᠶᠢᠨ ᠭᠠᠯ ᠢ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠵᠢᠴᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠣᠶ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ | ᠂ ᠰᠢᠶᠠᠨ ᠤ ᠵᠠᠰᠠᠭ ᠤᠨ ᠣᠷᠳᠣᠨ ᠠᠴᠠ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠬᠤᠷᠢᠭᠯᠠᠬᠤ ᠵᠠᠷᠯᠢᠭ ᠢ | ᠨᠡᠶᠢᠲᠡᠯᠡᠪᠠ᠄ | ᠨᠢᠭᠡ᠂ ᠭᠠᠯ ᠢ ᠰᠡᠷᠭᠡᠶᠢᠯᠡᠬᠦ ᠬᠤᠭᠤᠴᠠᠭ᠎ᠠ ᠵᠢᠴᠢ ᠭᠠᠯ ᠢ ᠬᠤᠷᠢᠭᠯᠠᠬᠤ ᠴᠠᠭ᠄ 2024 ᠣᠨ ᠤ 3 ᠰᠠᠷ᠎ᠠ ᠶᠢᠨ | 15 ᠤ ᠡᠳᠦᠷ ᠠᠴᠠ 6 ᠰᠠᠷ᠎ᠠ ᠶᠢᠨ 15 ᠤ ᠡᠳᠦᠷ᠂ 9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ | ᠡᠳᠦᠷ ︵ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ | ᠵᠢᠯᠤᠭᠤᠳᠬᠤ ᠭᠠᠵᠠᠷ ᠮᠠᠨ ᠤ ᠰᠢᠶᠠᠨ ᠤ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ ᠪᠠ ᠭᠠᠯ ᠤᠨ ᠠᠶᠤᠯ | ᠡᠭᠦᠰᠬᠦ ᠵᠢᠮ᠎ᠡ ᠶᠣᠰᠣ ᠶᠢ ᠦᠨᠳᠦᠰᠦᠯᠡᠨ᠂ ᠭᠠᠯ ᠢ ᠰᠡᠷᠭᠡᠶᠢᠯᠡᠬᠦ ᠬᠤᠭᠤᠴᠠᠭ᠎ᠠ ᠳᠤ ᠤᠷᠢᠳᠴᠢᠯᠠᠨ ᠣᠷᠣᠬᠤ ᠪᠤᠶᠤ | ᠬᠤᠶᠢᠰᠢᠯᠠᠭᠤᠯᠤᠨ ᠳᠠᠭᠤᠰᠬᠠᠬᠤ ᠶᠢ ᠲᠤᠬᠳᠠᠭᠠᠨ᠎ᠠ︶᠃ | ᠬᠤᠶᠠᠷ᠂ ᠭᠠᠯ ᠢ ᠬᠤᠷᠢᠭᠯᠠᠬᠤ ᠬᠡᠪᠴᠢᠶ᠎ᠡ᠄ ᠬᠤᠲᠠ ᠪᠠᠯᠭᠠᠰᠤ ᠪᠠ ᠠᠶᠢᠯ ᠲᠣᠰᠬᠤᠨ ᠠᠴᠠ ᠭᠠᠳᠠᠨ᠎ᠠ᠂ ᠪᠥᠬᠦ | ᠰᠢᠶᠠᠨ ᠤ ᠪᠦᠬᠦ ᠬᠢᠯᠢ ᠨᠢ ᠴᠦᠮ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠠᠶᠢᠵᠤ᠂ ᠪᠥᠬᠦ | ᠰᠢᠶᠠᠨ ᠤ ᠬᠡᠪᠴᠢᠶᠡᠨ ᠳᠠᠬᠢ ᠣᠶ ᠰᠢᠭᠤᠢ ᠵᠢᠴᠢ ᠣᠶ ᠶᠢᠨ ᠵᠠᠬ᠎ᠠ ᠶᠢᠨ 500 ᠮᠧᠲᠷ ᠤᠨ ᠳᠣᠲᠣᠷ᠎ᠠ᠂ ᠲᠠᠷᠢᠶᠠᠨ | ᠭᠠᠵᠠᠷ ᠤᠨ ᠣᠶ ᠶᠢᠨ ᠲᠣᠣᠷ᠂ ᠵᠠᠰᠠᠮᠠᠯ ᠵᠠᠮ᠂ ᠲᠡᠮᠦᠷ ᠵᠠᠮ ᠤᠨ ᠬᠤᠶᠠᠷ ᠬᠠᠵᠠᠭᠤ ᠶᠢᠨ 100 ᠮᠧᠲᠷ ᠤᠨ | ᠳᠣᠲᠣᠷᠠᠬᠢ ᠣᠷᠣᠨ ᠨᠢ ᠴᠥᠮ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠪᠣᠯᠣᠨ᠎ᠠ᠃ | ᠭᠤᠷᠪᠠ᠂ ᠭᠠᠯ ᠢ ᠬᠤᠷᠢᠭᠯᠠᠬᠤ ᠲᠣᠭᠲᠠᠭᠠᠯ᠄ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠬᠤᠭᠤᠴᠠᠭᠠᠨ ᠳᠤ ᠪᠠ ᠭᠠᠯ ᠢ ᠰᠡᠷᠭᠡᠶᠢᠯᠡᠬᠦ ᠣᠷᠣᠨ ᠳᠤ ᠵᠥᠪᠰᠢᠶᠡᠷᠡᠯ ᠦᠭᠡᠢ ᠪᠠᠷ ᠬᠡᠭᠡᠷ᠎ᠡ ᠭᠠᠳᠠᠨ᠎ᠠ ᠭᠠᠯ | ᠬᠡᠷᠡᠭᠯᠡᠬᠦ ᠶᠢ ᠴᠠᠭᠠᠵᠠᠯᠠᠨ᠎ᠠ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠬᠦ ᠣᠷᠣᠨ ᠳᠤ ᠳᠣᠣᠷᠠᠬᠢ ᠠᠭᠤᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠄ | ︵ᠨᠢᠭᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠲᠠᠮᠠᠬᠢ ᠲᠠᠲᠠᠬᠤ᠂ ᠬᠡᠭᠡᠷ᠎ᠡ | ᠬᠤᠭᠤᠯᠠᠯᠠᠬᠤ᠂ ᠳᠤᠯᠠᠭᠠᠯᠠᠬᠤ᠂ ᠠᠩ ᠠᠩᠨᠠᠬᠤ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠲᠠᠷᠢᠶ᠎ᠠ ᠰᠢᠲᠠᠭᠠᠬᠤ᠂ ᠡᠪᠡᠰᠦ | ᠰᠢᠲᠠᠭᠠᠬᠤ᠂ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠡᠰᠢ ᠰᠦᠷᠡᠯ ᠰᠢᠲᠠᠭᠠᠬᠤ᠂ ᠬᠠᠰᠢᠯᠭ᠎ᠠ ᠶᠢᠨ | ᠵᠠᠭᠠᠭ ᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠬᠦᠵᠢ ᠠᠰᠠᠭᠠᠬᠤ᠂ ᠴᠠᠭᠠᠰᠤ | ᠠᠰᠠᠭᠠᠬᠤ᠂ ᠬᠤᠸᠠᠷ ᠫᠤᠤᠵᠢᠩ ᠲᠠᠯᠪᠢᠬᠤ᠂ ᠲᠦᠳᠡᠭ ᠭᠠᠯ ᠨᠣᠴᠣᠭᠠᠬᠤ᠂ ᠭᠠᠯ ᠢᠶᠠᠷ ᠨᠠᠭᠠᠳᠴᠤ ᠴᠡᠩᠭᠡᠬᠦ ᠶᠢ | ᠴᠢᠩᠭ᠎ᠠ ᠴᠠᠭᠠᠵᠠᠯᠠᠨ᠎ᠠ᠃ | ︵ᠳᠥᠷᠪᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠭᠠᠩᠨᠠᠨ ᠵᠠᠯᠭᠠᠬᠤ ᠠᠵᠢᠯ | ᠬᠢᠬᠦ᠂ ᠪᠠᠷᠢᠯᠭ᠎ᠠ ᠪᠠᠷᠢᠵᠤ ᠳᠡᠯᠪᠡᠴᠢᠬᠦ ᠶᠢ ᠴᠢᠩᠭ᠎ᠠ ᠴᠠᠭᠠᠵᠠᠯᠠᠨ᠎ᠠ᠃ | ︵ᠲᠠᠪᠤ︶ ᠤᠢ ᠰᠢᠭᠤᠢ ᠶᠢᠨ ᠭᠠᠯ ᠢ ᠰᠡᠷᠭᠡᠶᠢᠯᠡᠬᠦ ᠪᠡᠯᠡᠳᠬᠡᠮᠵᠢ᠂ ᠲᠥᠬᠦᠭᠡᠷᠦᠮᠵᠢ ᠵᠢᠴᠢ ᠤᠬᠠᠭᠤᠯᠵᠤ | ᠰᠡᠷᠡᠮᠵᠢᠯᠡᠭᠦᠯᠬᠦ ᠲᠡᠮᠳᠡᠭ ᠢ ᠡᠪᠳᠡᠬᠦ ᠪᠤᠶᠤ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ︵ᠵᠢᠷᠭᠤᠭ᠎ᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ ᠪᠤᠰᠤᠳ ᠭᠠᠯ | ᠬᠡᠷᠡᠭᠯᠡᠬᠦ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠳᠥᠷᠪᠡ᠂ ᠰᠢᠢᠳᠬᠡᠬᠦ ᠠᠷᠭ᠎ᠠ ᠬᠡᠮᠵᠢᠶ᠎ᠡ | ᠭᠠᠯ ᠢ ᠬᠤᠷᠢᠭᠯᠠᠬᠤ ᠵᠠᠷᠯᠢᠭ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ︽ᠣᠶ | ᠰᠢᠭᠤᠢ ᠶᠢᠨ ᠭᠠᠯ ᠢ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠦᠨᠳᠦᠰᠦᠯᠡᠨ᠂ | ᠰᠡᠷᠡᠮᠵᠢ ᠥᠭᠬᠦ᠂ ᠵᠣᠭᠤᠰ ᠢᠶᠠᠷ ᠲᠣᠷᠭᠠᠬᠤ᠂ ᠲᠦᠷ ᠬᠤᠷᠢᠬᠤ ᠵᠡᠷᠭᠡ ᠵᠠᠰᠠᠭ ᠵᠠᠬᠢᠷᠭᠠᠨ ᠤ ᠰᠢᠢᠳᠬᠡᠯ ᠥᠭᠴᠦ᠂ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠨ ᠠᠴᠠ ᠪᠣᠯᠵᠤ ᠬᠦᠨᠳᠦ ᠶᠡᠭᠡ ᠣᠨᠴᠠ ᠶᠡᠭᠡ ᠭᠠᠯ ᠤᠨ | ᠠᠶᠤᠯ ᠭᠠᠷᠤᠭᠰᠠᠨ ᠪᠤᠶᠤ ᠬᠥᠮᠥᠨ ᠬᠠᠷ᠎ᠠ ᠦᠬᠦᠵᠦ ᠰᠢᠷᠬᠠᠲᠤᠭᠰᠠᠨ ᠠᠳᠡᠯ ᠭᠠᠷᠤᠭᠰᠠᠨ ᠭᠠᠵᠠᠷ ᠣᠷᠣᠨ᠂ ᠨᠢᠭᠡᠴᠡ | ᠪᠣᠯᠣᠨ ᠬᠥᠮᠥᠰ ᠠᠴᠠ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠤᠬᠠᠭᠤᠯᠭ᠎ᠠ ᠬᠥᠮᠦᠵᠢᠯ | ᠡᠯ᠎ᠡ ᠵᠦᠢᠯ ᠤᠨ ᠵᠠᠭᠤᠴᠢᠯᠠᠭᠤᠷ ᠪᠣᠯᠣᠨ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ᠂ ᠤᠬᠠᠭᠤᠯᠭ᠎ᠠ ᠶᠢᠨ | ᠭᠠᠷᠠᠭ ᠵᠡᠷᠭᠡ ᠠᠵᠢᠯᠯᠠᠭ᠎ᠠ ᠶᠢ ᠭᠦᠢᠴᠡᠳ ᠠᠰᠢᠭᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠵᠠᠩ ᠳᠠᠳᠬᠠᠯ ᠢ ᠥᠭᠡᠷᠡᠴᠢᠯᠡᠬᠦ ᠪᠠ ᠪᠣᠯᠪᠠᠰᠤᠨ ᠢᠶᠠᠷ ᠠᠮᠤᠷ ᠲᠦᠪᠰᠢᠨ ᠢᠶᠠᠷ ᠭᠠᠯ | ᠬᠡᠷᠡᠭᠯᠡᠭᠦᠯᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠭᠠᠯ ᠢ ᠰᠡᠷᠭᠡᠶᠢᠯᠡᠬᠦ ᠦᠵᠡᠯ | ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠵᠤ | ᠂ ᠣᠯᠠᠨ ᠨᠡᠶᠢᠲᠡ ᠶᠢᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ | ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠪᠤᠰᠤᠳ ᠱᠠᠭᠠᠷᠳᠠᠯᠭ᠎ᠠ | ᠶᠠᠮᠠᠷᠪᠠ ᠨᠢᠭᠡᠴᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ | ᠮᠡᠳᠡᠪᠡᠯ᠂ ᠳᠠᠷᠤᠶᠢᠬᠠᠨ ᠤᠲᠠᠰᠤ ᠪᠠᠷ ᠲᠦᠭᠰᠢᠭᠦᠷᠢ ᠮᠡᠳᠡᠭᠦᠯᠬᠦ ᠬᠡᠷᠡᠭᠲᠡᠢ᠃ ᠤᠢ ᠰᠢᠭᠤᠢ ᠶᠢᠨ ᠲᠦᠢᠮᠡᠷ ᠤᠨ | ᠲᠦᠭᠰᠢᠭᠦᠷᠢ ᠮᠡᠳᠡᠭᠦᠯᠬᠦ ᠤᠲᠠᠰᠤ 12119᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠦᠭᠰᠢᠭᠦᠷᠢ | ᠮᠡᠳᠡᠭᠦᠯᠬᠦ ᠤᠲᠠᠰᠤ 110᠃ | 2024 ᠣᠨ ᠤ 3 ᠰᠠᠷ᠎ᠠ ᠶᠢᠨ 14 ᠤ ᠡᠳᠤᠷ |