ᠨᠢᠩᠴᠧᠩ ᠰᠢᠶᠠᠨ ᠬᠡᠦᠬᠡᠳ ᠤᠨ ᠲᠣᠭᠯᠠᠭᠠᠮ ᠤᠨ ᠵᠦᠢᠯ ᠳᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/19
 ᠬᠡᠦᠬᠡᠳ ᠤᠨ ᠨᠠᠭᠠᠳᠤᠮ ᠤᠨ ᠵᠦᠢᠯ ᠪᠠ ᠰᠤᠷᠤᠭᠴᠢᠳ ᠤᠨ ᠬᠡᠷᠡᠭᠯᠡᠭᠡᠨ ᠤ ᠵᠦᠢᠯ ᠤᠨ ᠦᠢᠯᠡᠳᠬᠦᠨ ᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠪᠤᠶᠢᠵᠢᠬᠤ ᠶᠢ ᠪᠠᠲᠤᠯᠠᠨ᠂ ᠣᠶᠢᠷ᠎ᠠ ᠳᠤ᠂ ᠨᠢᠩᠴᠧᠩ ᠰᠢᠶᠠᠨ ᠬᠡᠦᠬᠡᠳ ᠤᠨ ᠲᠣᠭᠯᠠᠭᠠᠮ ᠤᠨ ᠵᠦᠢᠯ ᠳᠤ ᠠᠮᠤᠷ ᠲᠦᠪᠰᠢᠨ ᠤ ᠪᠠᠶᠢᠴᠠᠭᠠᠯᠲᠠ ᠬᠢᠪᠡ᠃ ᠬᠠᠤᠯᠢ ᠬᠡᠷᠡᠭᠵᠢᠭᠦᠯᠬᠦ ᠠᠵᠢᠯᠲᠠᠨ ᠬᠡᠦᠬᠡᠳ ᠤᠨ ᠬᠡᠷᠡᠭᠯᠡᠭᠡᠨ ᠤ ᠵᠦᠢᠯ ᠢ ᠪᠣᠷᠣᠯᠠᠭᠤᠯᠬᠤ ᠨᠢᠭᠡᠴᠡ ᠪᠠᠷ ᠭᠤᠣᠯᠳᠠᠯᠭ᠎ᠠ ᠪᠣᠯᠭᠠᠵᠤ᠂ ᠦᠢᠯᠡᠳᠬᠦᠨ ᠤ ᠲᠡᠮᠳᠡᠭ ᠨᠢ ᠵᠢᠷᠤᠮᠵᠢᠯ ᠲᠠᠢ ᠪᠠᠶᠢᠬᠤ ᠡᠰᠡᠬᠦ ᠂ ᠭᠠᠳᠠᠷ ᠪᠣᠭᠤᠳᠠᠯ ᠨᠢ ᠪᠠᠷᠢᠮᠵᠢᠶ᠎ᠠ ᠲᠠᠢ ᠪᠠᠶᠢᠬᠤ ᠡᠰᠡᠬᠦ᠂ 3C ᠭᠡᠷᠡᠴᠢᠯᠡᠯ ᠪᠠᠶᠢᠬᠤ ᠡᠰᠡᠬᠦ᠂ ᠭᠡᠷᠡᠴᠢᠯᠡᠯ ᠤᠨ ᠮᠡᠳᠡᠭᠡ ᠵᠠᠩᠭᠢ ᠨᠢ ᠪᠣᠳᠠᠲᠠᠢ ᠲᠠᠢ ᠪᠠᠨ ᠨᠡᠶᠢᠴᠡᠬᠦ ᠡᠰᠡᠬᠦ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠰᠢᠨ᠎ᠡ ᠬᠡᠯᠪᠡᠷᠢ ᠶᠢᠨ ᠦᠢᠯᠡᠳᠬᠦᠨ ᠢ ᠪᠣᠷᠣᠯᠠᠭᠤᠯᠤᠭᠰᠠᠨ ᠡᠰᠡᠬᠦ ᠵᠡᠷᠭᠡ ᠶᠢ  ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ︽ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠭᠡᠷᠡᠴᠢᠯᠡᠯ ᠤᠨ ᠨᠡᠷᠡᠰ ᠤᠨ ᠵᠢᠭᠰᠠᠭᠠᠯᠲᠠ︾ ᠳᠤ ᠵᠢᠭᠰᠠᠭᠠᠭᠳᠠᠭᠰᠠᠨ ᠬᠡᠦᠬᠡᠳ ᠤᠨ ᠲᠣᠭᠯᠠᠭᠠᠮ ᠤᠨ ᠵᠦᠢᠯ ᠤᠨ ᠦᠢᠯᠡᠳᠬᠦᠨ ᠤ ᠲᠤᠬᠠᠢ ᠰᠠᠨᠠᠭᠤᠯᠤᠮᠵᠢ ᠥᠭᠴᠦ᠂ ᠬᠤᠯᠪᠣᠭᠳᠠᠯ ᠪᠦᠬᠦᠢ ᠡᠵᠡᠩᠨᠡᠭᠴᠢ ᠶᠢ ᠶᠠᠰᠤ ᠴᠢᠨᠠᠷ ᠨᠢ ᠬᠢᠷᠢ ᠲᠡᠩᠴᠡᠬᠦ ᠦᠭᠡᠢ ᠪᠠ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭ ᠦᠭᠡᠢ ᠬᠡᠷᠡᠭᠯᠡᠭᠡᠨ ᠤ ᠵᠦᠢᠯ ᠢ ᠪᠣᠷᠣᠯᠠᠭᠤᠯᠬᠤ ᠶᠢ ᠲᠠᠰᠤ ᠵᠣᠭᠰᠣᠭᠠᠵᠤ᠂ ᠦᠢᠯᠡᠳᠬᠦᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ᠂ ᠬᠠᠤᠯᠢ ᠶᠢ ᠰᠠᠬᠢᠬᠤ᠂ ᠳᠦᠷᠢᠮ ᠢ ᠰᠠᠬᠢᠬᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠣᠲᠣ ᠪᠣᠯᠲᠠᠯ᠎ᠠ᠂ ᠬᠡᠦᠬᠡᠳ ᠤᠨ ᠲᠣᠭᠯᠠᠭᠠᠮ ᠤᠨ ᠵᠦᠢᠯ ᠤᠨ ᠡᠵᠡᠩᠨᠡᠯᠲᠡ ᠶᠢᠨ 25 ᠨᠢᠭᠡᠴᠡ ᠶᠢ ᠪᠠᠶᠢᠴᠠᠭᠠᠵᠤ᠂ ᠲᠣᠭᠯᠠᠭᠠᠮ ᠤᠨ ᠵᠦᠢᠯ ᠤᠨ ᠱᠣᠰᠢᠭ᠎ᠠ ᠨᠢ ᠪᠦᠷᠢᠨ ᠪᠤᠰᠤ ᠠᠰᠠᠭᠤᠳᠠᠯ ᠨᠢᠭᠡ ᠣᠷᠣᠰᠢᠵᠤ᠂ ᠲᠤᠬᠠᠢ ᠶᠢᠨ ᠲᠠᠯᠠᠪᠤᠷ ᠲᠤ ᠪᠣᠷᠣᠯᠠᠭᠤᠯᠬᠤ ᠶᠢ ᠨᠢ ᠵᠣᠭᠰᠤᠭᠠᠬᠤ ᠶᠢᠨ ᠬᠠᠮᠲᠤ ᠬᠤᠯᠪᠣᠭᠳᠠᠯ ᠪᠦᠬᠦᠢ ᠦᠢᠯᠡᠳᠬᠦᠨ ᠢ ᠵᠠᠬ᠎ᠠ ᠳᠡᠯᠭᠡᠭᠦᠷ ᠠᠴᠠ ᠪᠠᠭᠤᠯᠭᠠᠬᠤ ᠪᠠᠷ ᠵᠠᠷᠯᠢᠭᠳᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠬᠡᠦᠬᠡᠳ ᠤᠨ ᠲᠣᠭᠯᠠᠭᠠᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠡᠦᠬᠡᠳ ᠤᠨ ᠲᠣᠭᠯᠠᠭᠠᠮ ᠤᠨ ᠵᠦᠢᠯ ᠪᠠ ᠰᠣᠷᠣᠭᠴᠢ ᠶᠢᠨ ᠬᠡᠷᠡᠭᠯᠡᠭᠡᠨ ᠤ ᠵᠦᠢᠯ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ ᠬᠤᠳᠠᠯᠳᠤᠭᠠᠴᠢᠳ ᠢ ᠰᠢᠪᠠᠳᠠᠵᠤ ᠪᠠᠶᠢᠭᠠᠳ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠬᠠᠤᠯᠢ ᠶᠢ ᠰᠠᠬᠢᠵᠤ ᠡᠵᠡᠩᠨᠡᠬᠦ ᠶᠢ ᠵᠢᠷᠤᠮᠵᠢᠭᠤᠯᠤᠨ᠂ ᠵᠠᠯᠠᠭᠤᠴᠤᠳ ᠪᠠᠭᠠᠴᠤᠳ ᠬᠡᠦᠬᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠣᠶᠢᠵᠢᠬᠤ ᠳᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号