ᠨᠢᠩᠴᠧᠩ ᠰᠢᠶᠠᠨ ︽ᠬᠤᠶᠠᠷ ᠦᠢᠯᠡᠳᠬᠦᠨ ᠨᠢᠭᠡ ᠪᠠᠭᠠᠵᠢ︾ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/22
ᠣᠶᠢᠷ᠎ᠠ ᠳᠤ᠂ ᠨᠢᠩᠴᠧᠩ ᠰᠢᠶᠠᠨ ︽ᠬᠤᠶᠠᠷ ᠦᠢᠯᠡᠳᠬᠦᠨ ᠨᠢᠭᠡ ᠪᠠᠭᠠᠵᠢ︾ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠬᠢᠵᠦ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠡᠢ᠃ ᠬᠠᠤᠯᠢ ᠬᠡᠷᠡᠭᠵᠢᠭᠦᠯᠬᠦ ᠠᠵᠢᠯᠲᠠᠨ ᠭᠤᠣᠯᠳᠠᠭᠤ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠥᠬᠦᠭᠡᠷᠦᠮᠵᠢ᠂ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠵᠤ ᠪᠠᠶᠢᠬᠤ ᠡᠰᠡᠬᠦ᠂ ᠬᠤᠭᠤᠯᠠᠢ ᠶᠢᠨ ᠵᠠᠯᠭᠠᠯᠲᠠ ᠨᠢ ᠨᠢᠭᠲᠠ ᠪᠢᠲᠡᠭᠦᠮᠵᠢᠯᠡᠭᠰᠡᠨ ᠡᠰᠡᠬᠦ᠂ ᠴᠠᠬᠢᠯᠭᠠᠨ ᠬᠡᠯᠬᠢᠶ᠎ᠡ ᠶᠢᠨ ᠵᠠᠯᠭᠠᠯᠲᠠ ᠨᠢ ᠨᠠᠶᠢᠳᠠᠪᠤᠷᠢᠲᠠᠢ ᠡᠰᠡᠬᠦ᠂ ᠦᠢᠯᠡᠳᠪᠦᠷᠢᠯᠡᠯ ᠤᠨ ᠲᠠᠰᠤᠭ ᠤᠨ ᠠᠮᠤᠷ ᠲᠦᠪᠰᠢᠨ ᠤ ᠡᠭᠦᠳᠡ ᠨᠢ ᠵᠢᠷᠤᠮᠵᠢᠭᠤᠨ ᠪᠠᠶᠢᠬᠤ ᠡᠰᠡᠬᠦ᠂ ᠠᠮᠤᠷ ᠲᠦᠪᠰᠢᠨ ᠤ ᠨᠡᠪᠲᠡᠷᠡᠬᠦ ᠵᠠᠮ ᠨᠢ ᠰᠠᠭᠠᠳ ᠦᠭᠡᠢ ᠪᠠᠶᠢᠬᠤ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠨᠢ ᠬᠢᠷᠢ ᠲᠡᠩᠴᠡᠭᠰᠡᠨ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠡᠢ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠡᠷᠡᠭᠯᠡᠬᠦ ᠨᠢᠭᠡᠴᠡ ᠶᠢ ᠰᠢᠪᠠᠳᠠᠨ ᠱᠠᠭᠠᠷᠳᠠᠵᠤ ᠪᠠᠶᠢᠭᠠᠳ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠲ᠋ᠢᠯ ᠠᠯᠺᠣᠣᠯ᠂ ᠡᠲ᠋ᠢᠯ ᠡᠲ᠋ᠧᠷ ᠵᠡᠷᠭᠡ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠬᠤ᠂ ᠲᠡᠭᠡᠭᠡᠪᠦᠷᠢᠯᠡᠬᠦ ᠪᠠ ᠬᠡᠷᠡᠭᠯᠡᠬᠦ᠂ ᠡᠮᠴᠢᠯᠡᠭᠡᠨ ᠳᠤ ᠬᠡᠷᠡᠭᠯᠡᠬᠦ ᠬᠦᠴᠢᠯᠲᠥ᠋ᠷᠥᠭᠴᠢ ᠶᠢ ᠬᠠᠳᠠᠭᠠᠯᠠᠬᠤ᠂ ᠲᠡᠭᠡᠭᠡᠪᠦᠷᠢᠯᠡᠬᠦ ᠪᠠ ᠬᠡᠷᠡᠭᠯᠡᠬᠦ᠂ ᠬᠦᠢᠲᠡᠨ ᠬᠡᠯᠬᠢᠶᠡᠨ ᠳᠤ ᠬᠠᠳᠠᠭᠠᠯᠠᠬᠤ ᠡᠮ ᠤᠨ ᠵᠦᠢᠯ᠂ ᠬᠦᠢᠲᠡᠨ ᠬᠥᠮᠥᠷᠭᠡ ᠶᠢᠨ ᠠᠮᠤᠷ ᠲᠦᠪᠰᠢᠨ ᠢᠶᠠᠷ ᠠᠵᠢᠯᠯᠠᠵᠤ ᠪᠠᠶᠢᠭ᠎ᠠ ᠪᠠᠶᠢᠳᠠᠯ ᠤᠨ ᠵᠢᠷᠤᠮᠵᠢᠭᠰᠠᠨ ᠬᠠᠮᠢᠶᠠᠷᠤᠯᠲᠠ ᠶᠢ  ᠴᠢᠩᠭᠠᠳᠬᠠᠪᠠ᠃ ᠣᠲᠣ ᠪᠣᠯᠲᠠᠯ᠎ᠠ᠂ ᠨᠡᠶᠢᠲᠡ 63 ᠡᠵᠡᠩᠨᠡᠯᠲᠡ ᠶᠢᠨ ᠨᠢᠭᠡᠴᠡ ᠶᠢ ᠪᠠᠶᠢᠴᠠᠭᠠᠵᠤ᠂ 192 ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ ᠢᠯᠡᠷᠬᠡᠢ ᠠᠰᠠᠭᠤᠳᠠᠯ ᠢᠯᠡᠷᠡᠭᠰᠡᠨ ᠦᠭᠡᠢ᠃    ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠨᠠᠭᠰᠢᠳᠠ ᠪᠠᠲᠤᠳᠬᠠᠵᠤ᠂ ᠡᠵᠡᠩᠨᠡᠨ ᠬᠡᠷᠡᠭᠯᠡᠬᠦ ᠨᠢᠭᠡᠴᠡ ᠶᠢᠨ ᠬᠠᠤᠯᠢ ᠶᠢ ᠰᠠᠬᠢᠬᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠶᠠᠰᠤ ᠴᠢᠨᠠᠷ ᠤᠨ ᠤᠬᠠᠮᠰᠠᠷ ᠪᠣᠯᠣᠨ ᠵᠢᠷᠤᠮᠵᠢᠭᠤᠯᠬᠤ ᠤᠬᠠᠮᠰᠠᠷ ᠢᠶᠠᠨ ᠴᠢᠩᠭᠠᠳᠬᠠᠵᠤ᠂ ᠠᠷᠠᠳ ᠤᠯᠠᠨ ᠤ ᠡᠮ ᠳᠤ ᠬᠡᠷᠡᠭᠯᠡᠬᠦ ᠪᠠᠭᠠᠵᠢ ᠬᠡᠷᠡᠭᠰᠡᠯ ᠵᠠᠰᠠᠯ ᠴᠢᠮᠡᠭᠯᠡᠯ ᠤᠨ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号