| ᠨᠢᠩᠴᠧᠩ ᠰᠢᠶᠠᠨ ︽ᠬᠤᠶᠠᠷ ᠢ ᠬᠥᠩᠭᠡᠷᠡᠭᠦᠯᠵᠦ︾᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ | ᠬᠥᠳᠡᠯᠮᠦᠷᠢ ᠶᠢᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠡᠶ᠎ᠡ ᠮᠠᠬᠠᠪᠤᠳ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠸ᠎ᠠ ᠰᠠᠶᠢᠬᠠᠨ ᠤ ᠳᠤᠷ᠎ᠠ ᠰᠣᠨᠢᠷᠬᠠᠯ ᠢ | ᠳᠡᠭᠡᠭᠰᠢᠯᠡᠭᠦᠯᠦᠨ᠂ ᠬᠥᠳᠡᠯᠮᠦᠷᠢ ᠶᠢᠨ ᠳᠠᠳᠬᠠᠯ ᠲᠠᠢ ᠪᠣᠯᠭᠠᠵᠤ᠂ ᠤᠯᠠᠭᠠᠨᠬᠠᠳᠠ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ︽ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ | ᠬᠥᠮᠦᠵᠢᠯ ᠤᠨ ︿ᠬᠢᠴᠢᠶᠡᠯ ᠤᠨ ᠬᠦᠰᠦᠨᠦᠭᠲᠦ﹀ ᠶᠢ ᠨᠡᠶᠢᠲᠡᠯᠡᠬᠦ ᠲᠤᠬᠠᠢ ᠮᠡᠳᠡᠭᠳᠡᠯ︾ ᠢ ᠢᠳᠡᠪᠬᠢᠲᠡᠢ | ᠬᠡᠷᠩᠵᠢᠭᠦᠯᠵᠦ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠬᠢᠴᠢᠶᠡᠯ | ᠨᠡᠭᠡᠭᠡᠬᠦ ᠬᠠᠲᠠᠭᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠨ᠎ᠡ ᠪᠠᠷᠢᠮᠵᠢᠶ᠎ᠠ ᠶᠣᠰᠣᠭᠠᠷ ᠪᠡᠶ᠎ᠡ ᠶᠢᠨ | ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠢ ᠪᠦᠷᠢᠨ ᠭᠦᠢᠴᠡᠳ | ᠨᠡᠭᠡᠭᠡᠪᠡ᠃ ᠨᠢᠭᠡ ᠳᠤ ᠬᠢᠴᠢᠶᠡᠯ ᠤᠨ ᠴᠠᠭ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠪᠡᠶ᠎ᠡ ᠶᠢᠨ ᠲᠠᠮᠢᠷ ᠢ | ᠪᠠᠭ᠎ᠠ ᠰᠤᠷᠭᠠᠭᠤᠯᠢ ᠶᠢᠨ ᠨᠢᠭᠡᠳᠤᠭᠡᠷ ᠣᠨ ᠠᠴᠠ ᠬᠤᠶᠠᠳᠤᠭᠠᠷ ᠣᠨ ᠭᠠᠷᠠᠭ ᠪᠦᠷᠢ 4 ᠬᠢᠴᠢᠶᠡᠯ᠂ ᠭᠤᠷᠪᠠᠳᠤᠭᠠᠷ | ᠣᠨ ᠠᠴᠠ ᠵᠢᠷᠭᠤᠳᠤᠭᠠᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠭᠠᠷᠠᠭ ᠪᠦᠷᠢ 3 ᠬᠢᠴᠢᠶᠡᠯ ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠭᠠᠷᠠᠭ ᠪᠦᠷᠢ 2 ᠬᠢᠴᠢᠶᠡᠯ ᠲᠤᠬᠢᠷᠠᠭᠤᠯᠤᠨ᠂ ᠭᠤᠸ᠎ᠠ ᠰᠠᠶᠢᠬᠠᠨ ᠤ | ᠬᠥᠮᠦᠵᠢᠯ ᠳᠠᠭᠤᠤ ᠬᠥᠭᠵᠢᠮ᠂ ᠤᠷᠠᠨ ᠵᠢᠷᠤᠭ ᠤᠨ ᠬᠢᠴᠢᠶᠡᠯ ᠢ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠠᠴᠠ | ᠳᠥᠷᠪᠡᠳᠦᠭᠡᠷ ᠣᠨ ᠭᠠᠷᠠᠭ ᠪᠦᠷᠢ 4 ᠬᠢᠴᠢᠶᠡᠯ᠂ ᠲᠠᠪᠤᠳᠤᠭᠠᠷ᠂ ᠵᠢᠷᠭᠤᠳᠤᠭᠠᠷ ᠣᠨ ᠭᠠᠷᠠᠭ ᠪᠦᠷᠢ 3 ᠬᠢᠴᠢᠶᠡᠯ ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠭᠠᠷᠠᠭ ᠪᠦᠷᠢ 2 | ᠬᠢᠴᠢᠶᠡᠯ ᠨᠡᠭᠡᠭᠡᠵᠦ᠂ ᠬᠥᠳᠡᠯᠮᠦᠷᠢ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠭᠠᠷᠠᠭ ᠪᠦᠷᠢ 1 | ᠬᠢᠴᠢᠶᠡᠯ ᠤᠨ ᠴᠠᠭ ᠢ ᠪᠠᠲᠤᠯᠠᠨ᠎ᠠ᠃ ᠬᠤᠶᠠᠷ ᠲᠤ ︽ᠬᠢᠴᠢᠶᠡᠯ ᠤᠨ ᠬᠦᠰᠦᠨᠦᠭ ᠢᠶᠠᠨ ᠨᠡᠶᠢᠲᠡᠯᠡᠬᠦ︾ ᠳᠦᠷᠢᠮ ᠢ | ᠪᠠᠶᠢᠭᠤᠯᠤᠨ᠎ᠠ᠃ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠡᠶᠢᠲᠡ ᠶᠢᠨ ᠳ᠋ᠤᠭᠠᠷ ᠲᠤ ᠪᠥᠬᠦ ᠰᠢᠶᠠᠨ ᠤ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠬᠥᠳᠡᠯᠮᠦᠷᠢ ᠶᠢᠨ | ᠬᠥᠮᠦᠵᠢᠯ ᠤᠨ ᠬᠢᠴᠢᠶᠡᠯ ᠤᠨ ᠬᠦᠰᠦᠨᠦᠭᠲᠦ ᠶᠢ ᠵᠠᠷᠯᠠᠨ ᠨᠡᠶᠢᠲᠡᠯᠡᠬᠦ ᠶᠢᠨ ᠬᠠᠮᠲᠤ ᠣᠷᠳᠣ ᠬᠤᠭᠤᠴᠠᠭ᠎ᠠ ᠪᠠᠷ | ᠪᠠᠷᠢᠮᠲᠠᠯᠠᠭᠰᠠᠭᠠᠷ ᠢᠷᠡᠭᠰᠡᠨ ︽ᠬᠢᠴᠢᠶᠡᠯ ᠤᠨ ᠬᠦᠰᠦᠨᠦᠭᠲᠦ ᠪᠠᠨ ᠢᠯᠡ ᠪᠠᠷ ᠨᠡᠶᠢᠲᠡᠯᠡᠬᠦ︾ ᠳᠦᠷᠢᠮ ᠢ | ᠪᠠᠶᠢᠭᠤᠯᠤᠨ᠎ᠠ᠃ ᠡᠭᠦᠨ ᠤ ᠬᠠᠮᠲᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠ ᠵᠠᠭᠠᠯᠳᠤᠬᠤ ᠵᠠᠬᠢᠳᠠᠯ ᠤᠨ ᠬᠠᠶᠢᠷᠴᠠᠭ | ᠭᠠᠷᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ | ᠬᠢᠴᠢᠶᠡᠯ ᠢ ᠭᠦᠢᠴᠡᠳ ᠨᠡᠭᠡᠭᠡᠵᠦ᠂ ᠬᠢᠴᠢᠶᠡᠯ ᠤᠨ ᠴᠠᠭ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ | ᠭᠤᠷᠪᠠ ᠳᠤ᠂ ᠬᠢᠴᠢᠶᠡᠯ ᠤᠨ ᠳᠠᠷᠠᠭᠠᠬᠢ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠳᠤᠮᠳᠠᠳᠤ ᠪᠠᠭ᠎ᠠ | ᠰᠤᠷᠭᠠᠭᠤᠯᠢ ᠨᠤᠭᠤᠳ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ᠂ ᠶᠡᠭᠡ ᠬᠢᠴᠢᠶᠡᠯ ᠤᠨ | ᠵᠠᠪᠰᠠᠷᠯᠠᠭ᠎ᠠ᠂ ᠬᠢᠴᠢᠶᠡᠯ ᠤᠨ ᠭᠠᠳᠠᠨᠠᠬᠢ ᠬᠥᠳᠡᠯᠭᠡᠭᠡᠨ ᠢ ᠣᠷᠭᠠᠨᠢᠭ ᠢᠶᠠᠷ ᠵᠣᠯᠭᠠᠭᠤᠯᠬᠤ ᠶᠢ ᠴᠢᠩᠭᠠᠳᠬᠠᠵᠤ᠂ | ᠬᠤᠯᠪᠤᠭᠠᠯᠠᠨ ᠬᠥᠳᠡᠯᠦᠯᠴᠡᠬᠦ ᠶᠢ ᠪᠣᠶ ᠪᠣᠯᠭᠠᠵᠤ᠂ ᠢᠯᠠᠩᠭᠤᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠨᠤᠭᠤᠳ ᠲᠣᠰ ᠪᠡᠶ᠎ᠡ ᠶᠢᠨ ᠣᠨᠴᠠᠯᠢᠭ ᠪᠠ ᠰᠣᠷᠣᠭᠴᠢ ᠶᠢᠨ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ᠂ ᠡᠯᠪᠡᠭ ᠪᠠᠶᠠᠯᠢᠭ᠂ ᠦᠵᠡᠵᠦ ᠰᠣᠨᠢᠷᠬᠠᠬᠤ ᠳᠤᠷᠠᠲᠠᠢ ᠬᠢᠴᠢᠶᠡᠯ ᠤᠨ ᠳᠠᠷᠠᠭᠠᠬᠢ ᠪᠡᠶ᠎ᠡ ᠶᠢᠨ ᠲᠠᠮᠢᠷ | ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠲᠤ ᠨᠠᠩ ᠣᠯᠠᠨ ᠬᠥᠳᠡᠯᠭᠡᠭᠡᠨ ᠤ | ᠤᠷ᠎ᠠ ᠴᠢᠳᠠᠪᠤᠷᠢ ᠶᠢ ᠡᠵᠡᠮᠰᠢᠭᠦᠯᠵᠦ᠂ ᠨᠠᠩ ᠣᠯᠠᠨ ᠤᠷᠠᠯᠢᠭ ᠤᠨ ᠣᠨᠴᠠ ᠴᠢᠳᠠᠪᠤᠷᠢ ᠲᠠᠢ ᠪᠣᠯᠭᠠᠨ᠎ᠠ᠃ | ᠳᠥᠷᠪᠡ ᠳᠤ᠂ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠬᠥᠳᠡᠯᠮᠦᠷᠢ ᠶᠢᠨ ᠬᠥᠮᠦᠵᠢᠯ ᠤᠨ ᠬᠢᠨᠠᠨ | ᠵᠢᠯᠤᠭᠤᠳᠴᠤ ᠪᠠᠶᠢᠴᠠᠭᠠᠬᠤ ᠶᠢ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠡᠶ᠎ᠡ ᠶᠢᠨ ᠲᠠᠮᠢᠷ ᠤᠨ ᠭᠤᠸ᠎ᠠ | ᠰᠠᠶᠢᠬᠠᠨ ᠤ ᠬᠥᠮᠦᠵᠢᠯ ᠤᠨ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠢ ᠪᠦᠷᠢᠨ ᠭᠦᠢᠴᠡᠳ ᠪᠥᠭᠡᠳ ᠰᠠᠶᠢᠨ | ᠨᠡᠭᠡᠭᠡᠬᠦ ᠶᠢ ᠫᠠᠶᠢᠰᠠ ᠡᠯᠭᠦᠨ ᠬᠢᠨᠠᠨ ᠵᠢᠯᠤᠭᠤᠳᠬᠤ ᠠᠭᠤᠯᠭ᠎ᠠ ᠳᠤ ᠣᠷᠣᠭᠤᠯᠵᠤ᠂ ᠲᠠᠭᠤᠤ ᠲᠠᠮᠢᠷ ᠭᠤᠸ᠎ᠠ | ᠰᠠᠶᠢᠬᠠᠨ ᠤ ᠬᠢᠴᠢᠶᠡᠯ ᠤᠨ ᠬᠠᠮᠢᠶᠠᠷᠤᠯᠲᠠ᠂ ᠬᠢᠴᠢᠶᠡᠯ ᠡᠬᠢᠯᠡᠭᠰᠡᠨ ᠨᠣᠷᠮ᠎ᠠ᠂ ᠦᠢᠯᠡᠳᠦᠯᠭᠡ ᠶᠢᠨ ᠠᠵᠢᠯᠯᠠᠭ᠎ᠠ᠂ | ᠪᠠᠭᠰᠢ ᠶᠢᠨ ᠬᠦᠴᠦᠨ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠤᠭᠤᠳᠴᠤ᠂ ᠣᠳᠣᠬᠠᠨ ᠤ ᠳᠤᠮᠳᠠᠳᠤ | ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠬᠥᠳᠡᠯᠮᠦᠷᠢ ᠶᠢᠨ ᠬᠥᠮᠦᠵᠢᠯ ᠤᠨ | ᠬᠥᠮᠥᠨ ᠬᠥᠮᠥᠵᠢᠭᠦᠯᠬᠦ ᠦᠨ᠎ᠡ ᠥᠷᠲᠡᠭ ᠪᠠ ᠴᠢᠳᠠᠮᠵᠢ ᠶᠢᠨ ᠲᠤᠬᠠᠢ ᠲᠠᠨᠢᠯᠲᠠ ᠭᠦᠢᠴᠡᠳ ᠦᠭᠡᠢ᠂ ᠪᠡᠶ᠎ᠡ ᠶᠢᠨ | ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠳᠤ ᠣᠷᠣᠰᠢᠵᠤ ᠪᠠᠶᠢᠭ᠎ᠠ | ᠠᠷᠭᠠᠴᠠᠬᠤ᠂ ᠰᠢᠬᠠᠨ ᠡᠵᠡᠯᠡᠬᠦ᠂ ᠬᠢᠴᠢᠶᠡᠯ ᠵᠣᠭᠰᠤᠭᠠᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ | ᠠᠭᠤᠯᠭ᠎ᠠ ᠪᠠᠨ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠢᠭᠠᠨ ᠰᠤᠷᠭᠠᠯᠲᠠ ᠶᠢᠨ ᠵᠠᠭᠪᠤᠷ ᠤᠨ ᠰᠢᠨ᠎ᠡ ᠶᠢ | ᠡᠭᠦᠳᠴᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠦᠨᠡᠯᠡᠯᠲᠡ ᠶᠢᠨ ᠳᠦᠷᠢᠮ ᠤᠨ ᠥᠭᠡᠷᠡᠴᠢᠯᠡᠯᠲᠡ᠂ ᠲᠤᠰᠬᠠᠢ | ᠵᠦᠢᠯ ᠤᠨ ᠬᠢᠨᠠᠨ ᠵᠢᠯᠤᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠰᠢᠶᠠᠨ ᠤ ᠳᠤᠮᠳᠠᠳᠤ | ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠬᠥᠳᠡᠯᠮᠦᠷᠢ ᠶᠢᠨ ᠬᠥᠮᠦᠵᠢᠯ ᠤᠨ | ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ |