| ᠨᠢᠭᠡ ᠳᠤ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠣᠰ ᠭᠠᠵᠠᠷ ᠣᠷᠣᠨ ᠤ | ᠰᠣᠶᠣᠯ ᠤᠨ ᠨᠠᠷᠠᠲᠤ ᠲᠥᠷᠥᠯ ᠲᠡᠮᠳᠡᠭᠲᠦ ᠳᠤ ᠴᠢᠨᠠᠷ ᠰᠠᠶᠢᠲᠠᠢ ᠪᠠᠲᠤᠯᠠᠭ᠎ᠠ ᠬᠠᠩᠭᠠᠨ᠎ᠠ᠃ ᠪᠡᠯᠡ | ᠣᠷᠣᠭᠤᠯᠤᠯᠲᠠ ᠶᠢᠨ ᠲᠣᠭᠲᠠᠴᠠ ᠶᠢ ᠵᠠᠬ᠎ᠠ ᠳᠡᠯᠭᠡᠭᠦᠷᠴᠢᠯᠡᠭᠰᠡᠨ ᠰᠢᠨ᠎ᠡ ᠮᠠᠶ᠋ᠢᠭ ᠤᠨ ᠰᠣᠶᠣᠯ ᠤᠨ ᠪᠡᠯᠡ | ᠣᠷᠣᠭᠤᠯᠤᠯᠲᠠ ᠶᠢᠨ ᠪᠠᠶᠢᠭᠤᠯᠤᠯ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠣᠶᠣᠯ ᠤᠨ ᠠᠵᠤ ᠦᠢᠯᠡᠰ ᠤᠨ | ᠲᠦᠷᠦ ᠶᠢᠨ ᠪᠣᠳᠣᠯᠭ᠎ᠠ ᠶᠢ ᠬᠥᠲᠥᠯᠥᠨ ᠵᠢᠯᠤᠭᠤᠳᠬᠤ ᠪᠠ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ | ᠬᠤᠪᠢ ᠶᠢᠨ ᠬᠢ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠪᠠᠭ᠎ᠠ ᠬᠡᠪᠴᠢᠶ᠎ᠡ ᠶᠢ ᠲᠦᠷᠢᠮᠵᠢᠭᠦᠯᠬᠦ︾ ᠶᠢ | ᠬᠦᠴᠦᠯᠡᠨ ᠠᠬᠢᠭᠤᠯᠤᠨ᠎ᠠ᠃ ᠨᠢᠩᠴᠧᠩ ᠤᠨ ᠰᠣᠶᠣᠯ ᠤᠨ ᠡᠬᠢ ᠪᠠᠶᠠᠯᠢᠭ ᠤᠨ ᠠᠵᠤ ᠦᠢᠯᠡᠰ ᠤᠨ ᠬᠥᠭᠵᠢᠯᠲᠡ ᠶᠢᠨ | ᠪᠣᠳᠠᠲᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ | ᠪᠤᠰᠤ ᠰᠣᠶᠣᠯ ᠤᠨ ᠥᠪ ︽ᠬᠢᠳᠠᠨ ᠤ ᠬᠠᠳᠬᠤᠮᠠᠯ︾ ᠢᠶᠠᠷ ᠬᠥᠲᠥᠴᠢ ᠪᠣᠯᠭᠠᠵᠤ᠂ ᠰᠤᠳᠤᠯᠤᠨ ᠪᠦᠳᠦᠭᠡᠬᠦ | ᠴᠢᠳᠠᠪᠤᠷᠢ ᠲᠠᠢ ᠨᠤᠲᠤᠭ ᠤᠨ ᠰᠣᠶᠣᠯ ᠤᠨ ᠡᠭᠦᠳᠦᠯᠲᠡ ᠶᠢᠨ 10 ᠭᠠᠷᠤᠢ ᠠᠵᠤ ᠠᠬᠤᠶᠢᠯᠠᠯ ᠢ ᠵᠣᠷᠢᠭᠵᠢᠭᠤᠯᠤᠨ᠂ | ᠬᠢᠳᠠᠨ ᠤ ᠰᠢᠷᠢᠰ ᠬᠤᠪᠴᠠᠰᠤ ᠵᠠᠰᠠᠯ᠂ ᠮᠣᠩᠭᠤᠯ ᠦᠨᠳᠦᠰᠦᠲᠡᠨ ᠤ ᠰᠢᠷᠢᠰ ᠬᠤᠪᠴᠠᠰᠤ ᠵᠠᠰᠠᠯ ᠵᠢᠴᠢ ᠲᠠᠩ | ᠤᠯᠤᠰ ᠤᠨ ᠬᠤᠪᠴᠠᠰᠤ ᠵᠠᠰᠠᠯ ᠵᠡᠷᠭᠡ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠨ᠎ᠡ᠃ | ᠲᠤᠰᠬᠠᠢ ᠮᠡᠷᠭᠡᠵᠢᠯ ᠤᠨ ᠪᠤᠯᠪᠠᠰᠤᠷᠠᠯ ᠢᠶᠠᠷ ᠳᠠᠮᠵᠢᠭᠤᠯᠤᠨ ᠨᠡᠪᠴᠢᠭᠦᠯᠬᠦ ᠶᠢᠨ ᠤᠯᠠᠮ ᠢᠶᠠᠷ ᠰᠣᠶᠣᠯ ᠤᠨ ᠰᠣᠳᠣᠨ | ᠪᠦᠲᠦᠭᠡᠯ ᠢ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ ᠳᠡᠯᠭᠡᠨ ᠦᠵᠡᠭᠦᠯᠬᠦ᠂ ᠠᠷᠠᠯᠵᠢᠶᠠᠯᠠᠬᠤ ᠶᠢ ᠨᠢᠭᠡ | ᠴᠣᠭᠴᠠᠵᠢᠭᠤᠯᠤᠭᠰᠠᠨ ᠳᠡᠭᠡᠳᠦ ᠲᠠᠰ ᠤᠨ ᠣᠨᠴᠠᠯᠢᠭᠲᠤ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠪᠣᠶ | ᠪᠣᠯᠭᠠᠨ᠎ᠠ᠃ 2022 ᠣᠨ ᠳᠤ᠂ ᠬᠢᠳᠠᠨ ᠤ ᠬᠠᠳᠬᠤᠮᠠᠯ ᠨᠢ ︽ᠥᠪᠥᠷ ᠮᠣᠩᠭᠤᠯ ᠤᠨ ᠪᠡᠯᠡᠭ︾ ᠢᠶᠠᠷ | ᠦᠨᠡᠯᠡᠭᠳᠡᠵᠦ᠂ ᠭᠠᠳᠠᠭᠠᠳᠤ ᠶᠠᠪᠤᠳᠠᠯ ᠤᠨ ᠶᠠᠮᠤᠨ ᠠᠴᠠ ᠤᠯᠤᠰ ᠤᠨ ᠪᠡᠯᠡᠭ ᠢᠶᠠᠷ ᠰᠣᠩᠭᠤᠭᠳᠠᠵᠠᠢ᠃ | ᠬᠤᠶᠠᠷ ᠲᠤ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠰ ᠭᠠᠵᠠᠷ ᠣᠷᠣᠨ ᠤ | ᠰᠣᠶᠣᠯ ᠤᠨ ᠨᠠᠷᠠᠲᠤ ᠲᠥᠷᠥᠯ ᠲᠡᠮᠳᠡᠭᠲᠦ ᠳᠤ ᠰᠢᠨ᠎ᠡ ᠰᠣᠷᠭᠤᠭ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠠᠯᠳᠠᠷᠲᠤ | ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠲᠠᠶᠢᠯᠤᠮᠵᠢ ᠬᠢᠯᠭᠡᠵᠦ᠂ ᠮᠠᠨ ᠤ ᠰᠢᠶᠠᠨ ᠤ ᠰᠣᠶᠣᠯ ᠤᠨ ᠠᠵᠤ | ᠦᠢᠯᠡᠰ ᠢ ᠡᠷᠬᠢᠯᠡᠵᠦ ᠪᠠᠶᠢᠭ᠎ᠠ ᠠᠵᠢᠯᠲᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠪᠤᠯᠪᠠᠰᠤᠷᠠᠯ ᠳᠤ | ᠣᠷᠣᠯᠴᠠᠭᠤᠯᠵᠤ᠂ ᠰᠣᠶᠣᠯ ᠤᠨ ᠠᠵᠤ ᠦᠢᠯᠡᠰ ᠤᠨ ᠴᠢᠳᠠᠪᠤᠷᠢᠲᠠᠨ ᠤ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠬᠦᠴᠦᠲᠡᠢ ᠳᠡᠭᠡᠭᠰᠢᠯᠡᠭᠦᠯᠪᠡ᠂ ᠣᠳᠣᠬᠠᠨ ᠳᠤ 20 ᠭᠠᠷᠤᠢ ᠤᠳᠠᠭ᠎ᠠ ᠪᠣᠯᠪᠠᠰᠤᠷᠠᠯ ᠥᠷᠨᠢᠭᠦᠯᠵᠦ᠂ | 1000 ᠭᠠᠷᠤᠢ ᠬᠥᠮᠥᠨ ᠪᠣᠯᠪᠠᠰᠤᠷᠠᠯ ᠬᠦᠷᠲᠡᠪᠡ᠃ ᠤᠯᠠᠨ ᠵᠦᠢᠯ ᠤᠨ ᠠᠷᠭ᠎ᠠ ᠶᠢ ᠠᠪᠴᠤ ᠪᠣᠷᠣᠯᠠᠭᠤᠯᠤᠨ | ᠬᠤᠳᠠᠯᠳᠤᠬᠤ ᠠᠷᠭ᠎ᠠ ᠵᠠᠮ ᠢ ᠥᠷᠭᠡᠵᠢᠭᠦᠯᠬᠦ ᠶᠢᠨ ᠬᠠᠮᠲᠤ ᠬᠠᠮᠳᠤᠯᠢᠭ ᠤᠨ ᠳᠠᠪᠠᠭᠤᠯᠢᠭ ᠲᠠᠭᠠᠨ ᠲᠦᠰᠢᠭᠯᠡᠨ᠂ | ᠣᠨᠴᠠᠯᠢᠭᠲᠤ ᠰᠣᠶᠣᠯ ᠤᠨ ᠭᠤᠣᠯ ᠰᠡᠳᠦᠪ᠂ ᠣᠨᠴᠠᠯᠢᠭᠲᠤ ᠠᠵᠤ ᠦᠢᠯᠡᠰ ᠤᠨ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠰᠣᠶᠣᠯ ᠤᠨ ᠠᠵᠤ ᠦᠢᠯᠡᠰ ᠤᠨ ᠪᠦᠲᠦᠭᠡᠯᠴᠢ ᠬᠦᠷᠢᠶᠡᠯᠡᠩ ᠢ ᠪᠠᠶᠢᠭᠤᠯᠵᠤ᠂ ᠣᠳᠣᠬᠠᠨ ᠳᠤ | ᠰᠤᠳᠤᠯᠤᠨ ᠨᠡᠭᠡᠭᠡᠵᠦ ᠳᠠᠭᠤᠰᠬᠠᠭᠰᠠᠨ 200 ᠭᠠᠷᠤᠢ ᠵᠦᠢᠯ ᠤᠨ ᠣᠨᠴᠠᠯᠢᠭᠲᠤ ᠦᠨᠳᠦᠰᠦᠲᠡᠨ ᠤ ᠰᠣᠶᠣᠯ ᠤᠨ | ᠡᠯᠧᠮᠧᠨ᠋ᠲ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠪᠦᠬᠦᠢ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ | ᠡᠯ᠎ᠡ ᠭᠠᠵᠠᠷ ᠤᠨ ᠰᠣᠶᠣᠯ ᠤᠨ ᠠᠵᠤ ᠦᠢᠯᠡᠰ ᠤᠨ ᠪᠦᠲᠦᠭᠡᠯᠴᠢ ᠬᠦᠷᠢᠶᠡᠯᠡᠩ ᠲᠤ ᠣᠷᠣᠭᠤᠯᠵᠤ᠂ ᠰᠣᠶᠣᠯ ᠤᠨ | ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠨᠡᠶᠢᠯᠡᠯ ᠢ ᠠᠬᠢᠭᠤᠯᠤᠨ᠎ᠠ᠃ | ᠭᠤᠷᠪᠠ ᠳᠤ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠰ ᠭᠠᠵᠠᠷ ᠣᠷᠣᠨ ᠤ | ᠰᠣᠶᠣᠯ ᠤᠨ ᠨᠠᠷᠠᠲᠤ ᠲᠥᠷᠥᠯ ᠲᠡᠮᠳᠡᠭᠲᠦ ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠬᠠᠩᠭᠠᠨ᠎ᠠ᠃ ᠰᠣᠶᠣᠯ | ᠵᠤᠭᠠᠴᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠰᠣᠶᠣᠯ ᠤᠨ ᠠᠵᠤ | ᠦᠢᠯᠡᠰ᠂ ᠣᠶᠤᠨᠲᠤ ᠰᠣᠶᠣᠯ ᠤᠨ ᠠᠵᠤ ᠦᠢᠯᠡᠰ ᠵᠡᠷᠭᠡ ᠰᠢᠨ᠎ᠡ ᠪᠠᠷ ᠮᠠᠨᠳᠤᠭᠰᠠᠨ ᠰᠣᠶᠣᠯ ᠤᠨ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠮᠠᠨ ᠤ ᠰᠢᠶᠠᠨ ᠤ ᠲᠤᠰ | ᠨᠤᠲᠤᠭ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠤᠬᠠᠭᠤᠯᠵᠤ᠂ ᠣᠷᠣᠨ ᠤ ᠳᠣᠲᠣᠨ᠎ᠠ ᠭᠠᠳᠠᠨ᠎ᠠ ᠡᠯ᠎ᠡ | ᠲᠥᠷᠥᠯ ᠤᠨ ᠦᠵᠡᠰᠬᠦᠯᠡᠩ ᠤᠨ ᠴᠤᠭᠯᠠᠭᠠᠨ᠂ ᠲᠠᠨᠢᠯᠴᠠᠭᠤᠯᠭ᠎ᠠ ᠶᠢᠨ ᠴᠤᠭᠯᠠᠭᠠᠨ ᠳᠤ ᠣᠷᠣᠯᠴᠠᠵᠤ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠢ ᠠᠰᠢᠭᠯᠠᠨ ᠨᠢᠩᠴᠧᠩ ᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ | ᠢᠳᠡᠪᠬᠢᠲᠡᠢ ᠪᠠᠷ ᠲᠠᠨᠢᠯᠴᠠᠭᠤᠯᠵᠤ᠂ ᠰᠣᠶᠣᠯ ᠤᠨ ᠡᠭᠦᠳᠦᠯᠲᠡ ᠶᠢᠨ ᠰᠢᠯᠢᠳᠡᠭ ᠪᠦᠲᠦᠭᠡᠭᠳᠡᠬᠦᠨ ᠢ ᠨᠡᠭᠡᠭᠡᠨ | ᠬᠥᠭᠵᠢᠭᠦᠯᠬᠦ ᠶᠢ ᠲᠤᠶᠢᠯ ᠤᠨ ᠶᠡᠭᠡ ᠪᠠᠷ ᠵᠣᠷᠢᠭᠵᠢᠭᠤᠯᠪᠠ᠃ 2023 ᠣᠨ ᠳᠤ᠂ 268.2 ᠲᠦᠮᠡᠨ ᠬᠥᠮᠥᠨ | ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ ᠶᠢ 36.8 ᠳ᠋ᠦᠩᠰᠢᠭᠤᠷ | ᠲᠥᠭᠦᠷᠢᠭ ᠪᠡᠶᠡᠯᠡᠭᠦᠯᠪᠡ᠃ |