ᠨᠢᠩᠴᠧᠩ ᠰᠢᠶᠠᠨ ᠰᠤᠷᠤᠭᠴᠢ ᠶᠢᠨ ᠢᠷᠡᠯᠲᠡ ᠶᠢᠨ ᠭᠠᠵᠠᠷ ᠤᠨ  ᠰᠤᠷᠤᠬᠴᠢ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2024/3/28
 ᠰᠤᠷᠤᠭᠴᠢ ᠶᠢᠨ ᠢᠷᠡᠯᠲᠡ ᠶᠢᠨ ᠭᠠᠵᠠᠷ ᠤᠨ  ᠰᠤᠷᠤᠬᠴᠢ ᠲᠡᠳᠬᠦᠬᠦ ᠢᠲᠡᠭᠡᠮᠵᠢᠲᠦ ᠵᠢᠭᠡᠯᠡᠯᠭᠡ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ  ᠶᠢ ᠨᠡᠩ ᠰᠠᠶᠢᠨ ᠨᠠᠶᠢᠳᠠᠪᠤᠷᠢᠵᠢᠭᠤᠯᠤᠨ᠂ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ ᠰᠤᠷᠤᠯᠭ᠎ᠠ ᠪᠠᠨ ᠠᠮᠵᠢᠯᠳᠠᠳᠠᠢ ᠲᠡᠭᠦᠰᠬᠡᠬᠦ ᠶᠢ ᠳᠡᠮᠵᠢᠬᠦ ᠶᠢᠨ ᠲᠥᠯᠥᠭᠡ᠂ ᠨᠢᠩᠴᠧᠩ ᠰᠢᠶᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠴᠢᠩᠳᠠᠯᠠᠵᠤ᠂ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠬᠴᠢ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ ᠣᠶᠢᠷ᠎ᠠ ᠶᠢᠨ ᠵᠢᠯ ᠤᠳ ᠲᠤ᠂ ᠵᠢᠯ ᠪᠦᠷᠢ ᠭᠡᠷ ᠪᠦᠯᠢ ᠨᠢ ᠬᠦᠴᠢᠷᠳᠡᠯᠲᠡᠢ 6400 ᠭᠠᠷᠤᠢ ᠰᠣᠷᠣᠭᠴᠢ ᠶᠢ ᠬᠠᠪᠰᠤᠷᠤᠨ ᠶᠡᠭᠡ ᠰᠤᠷᠭᠠᠭᠤᠯᠢ ᠳᠤ ᠰᠤᠷᠤᠯᠴᠠᠭᠤᠯᠵᠤ᠂ ᠰᠤᠷᠤᠬᠴᠢ ᠲᠡᠳᠬᠦᠬᠦ ᠢᠲᠡᠭᠡᠮᠵᠢᠲᠦ ᠵᠢᠭᠡᠯᠡᠯᠭᠡ ᠶᠢ ᠨᠡᠶᠢᠲᠡ 79339 ᠬᠤᠪᠢ ᠲᠠᠷᠬᠠᠭᠠᠵᠤ᠂ ᠪᠡᠯᠡ ᠮᠥᠩᠭᠦ ᠶᠢᠨ ᠲᠤᠭ᠎ᠠ ᠬᠡᠮᠵᠢᠶ᠎ᠡ ᠨᠢ 5.58 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ 2 ᠳ᠋ᠤᠭᠠᠷ ᠲᠤ ᠵᠢᠭᠰᠠᠭᠠᠭᠳᠠᠵᠠᠢ᠃ ᠰᠤᠷᠤᠬᠴᠢ ᠲᠡᠳᠬᠦᠬᠦ ᠢᠲᠡᠭᠡᠮᠵᠢᠲᠦ ᠵᠢᠭᠡᠯᠡᠯᠭᠡ ᠶᠢ ᠨᠡᠶᠢᠲᠡ 57232 ᠬᠤᠪᠢ ᠬᠤᠷᠢᠶᠠᠨ ᠠᠪᠴᠤ᠂ ᠪᠡᠯᠡ ᠮᠥᠩᠭᠦ ᠨᠢ 3.58 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠲᠠᠪᠤᠳᠤᠭᠠᠷ ᠲᠤ ᠵᠢᠭᠰᠠᠭᠠᠭᠳᠠᠪᠠ᠃ 2023 ᠣᠨ ᠤ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠢᠯᠡᠷᠡᠭᠦᠯᠦᠭᠰᠡᠨ ᠢᠶᠠᠷ᠂ ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠣᠷᠣᠭᠴᠢ ᠶᠢ ᠲᠤᠰᠠᠯᠠᠬᠤ ᠬᠠᠮᠢᠶᠠᠷᠤᠯᠲᠠ ᠶᠢᠨ ᠲᠥᠪ ᠤᠨ ᠬᠠᠮᠢᠶᠠᠷᠤᠯᠲᠠ ᠶᠢᠨ ᠬᠢᠷᠢ ᠲᠦᠪᠰᠢᠨ ᠪᠥᠬᠦ ᠣᠷᠣᠨ ᠤ ᠨᠢᠭᠡᠳᠦᠭᠡᠷ ᠲᠤ ᠵᠢᠭᠰᠠᠭᠠᠭᠳᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号