ᠬᠤᠷᠬᠤᠭ ᠪᠠᠯᠭᠠᠰᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/3/4
  ᠤᠶᠢᠷ᠎ᠠ ᠳᠤ᠂ ᠬᠤᠷᠬᠤᠭ ᠪᠠᠯᠭᠠᠰᠤ 2024 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠠᠢ᠃ ᠠᠶᠤᠯᠭᠦᠢ ᠦᠢᠯᠡᠳᠪᠦᠷᠢᠯᠡᠯ ᠪᠣᠯᠣᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤᠷ ᠲᠦᠪᠰᠢᠨ ᠪᠤᠰᠤ ᠡᠯᠧᠮᠧᠨ᠋ᠲ ᠢ ᠪᠠᠭ᠎ᠠ ᠭᠡᠵᠦ ᠤᠮᠳᠤᠭᠠᠶᠢᠯᠠᠬᠤ ᠦᠭᠡᠢ᠂ ᠪᠠᠯᠭᠠᠰᠤᠨ ᠳᠤ ᠬᠠᠷᠢᠶᠠᠯᠠᠭᠳᠠᠬᠤ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ᠂ ᠠᠵᠤ ᠠᠬᠤᠶᠢᠯᠠᠯ ᠤᠨ ᠲᠤᠰ ᠪᠡᠶ᠎ᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠂ ᠭᠠᠭᠴᠠᠬᠦ ᠠᠵᠤ ᠠᠬᠤᠶᠢᠯᠠᠯ ᠥᠪᠡᠷ ᠢᠶᠠᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠳᠡᠭᠡᠭᠰᠢᠯᠡᠭᠦᠯᠪᠡᠯ ᠰᠠᠢᠢ ᠠᠮᠤᠷ ᠲᠦᠪᠰᠢᠨ ᠤ ᠭᠡᠮ ᠰᠣᠭᠤᠭ ᠤᠨ ᠠᠰᠠᠭᠤᠳᠠᠯ ᠢ ᠡᠬᠢ ᠡᠭᠦᠰᠦᠯ ᠠᠴᠠ ᠨᠢ ᠰᠠᠶᠢᠲᠤᠷ ᠰᠢᠢᠳᠪᠦᠷᠢᠯᠡᠵᠦ ᠴᠢᠳᠠᠨ᠎ᠠ᠃ ᠴᠠᠭᠠᠨ ᠰᠠᠷ᠎ᠠ᠂ ᠲᠠᠪᠤᠨ ᠰᠠᠷ᠎ᠠ ᠶᠢᠨ ᠨᠢᠭᠡᠨ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠵᠡᠷᠭᠡ ᠴᠢᠬᠤᠯᠠ ᠶᠡᠭᠡ ᠪᠠᠶᠠᠷ ᠤᠨ ᠡᠳᠦᠷ ᠤᠨ ᠬᠤᠭᠤᠴᠠᠭᠠᠨ ᠳᠤ᠂ ᠬᠤᠷᠬᠤᠭ ᠪᠠᠯᠭᠠᠰᠤᠨ ᠤ ᠵᠠᠰᠠᠭ ᠤᠨ ᠣᠷᠳᠣᠨ ᠠᠵᠢᠯ ᠤᠨ ᠲᠥᠰᠥᠯ ᠢᠶᠠᠨ ᠢᠳᠡᠪᠬᠢᠲᠡᠢ ᠲᠣᠭᠲᠠᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠬᠠᠷᠢᠶ᠎ᠠ ᠣᠷᠣᠨ ᠤ ᠳᠣᠲᠣᠷᠠᠬᠢ ᠭᠤᠣᠯᠳᠠᠯᠭ᠎ᠠ ᠲᠠᠢ ᠠᠶᠤᠯᠲᠠᠢ ᠴᠡᠭ ᠲᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠲᠠᠰ ᠲᠥᠷᠥᠯ ᠬᠤᠪᠢᠶᠠᠨ ᠵᠣᠬᠢᠶᠠᠨ ᠪᠠᠶᠢᠭᠤᠯᠵᠤ ᠥᠷᠨᠢᠭᠦᠯᠦᠨ᠎ᠡ᠂ ᠢᠯᠠᠩᠭᠤᠶ᠎ᠠ ᠬᠠᠷᠢᠶ᠎ᠠ ᠣᠷᠣᠨ ᠤ ᠳᠣᠲᠣᠷᠠᠬᠢ ᠠᠭᠤᠷᠬᠠᠢ ᠶᠢᠨ ᠠᠵᠤ ᠠᠬᠤᠶᠢᠯᠠᠯ᠂ ᠰᠤᠷᠭᠠᠭᠤᠯᠢ᠂ ᠵᠠᠮ ᠬᠠᠷᠢᠯᠴᠠᠭ᠎ᠠ ᠳᠤ ᠴᠢᠭᠯᠡᠭᠦᠯᠦᠨ᠂ ᠴᠢᠬᠤᠯᠠ ᠶᠡᠭᠡ ᠪᠠᠶᠠᠷ ᠤᠨ ᠡᠳᠦᠷ ᠤᠨ ᠬᠤᠭᠤᠴᠠᠭᠠᠨ ᠳᠤ ᠳᠠᠯᠳᠠ ᠬᠡᠮ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠤᠷᠬᠤᠭ ᠪᠠᠯᠭᠠᠰᠤ ᠶᠢᠨ ᠰᠢᠲᠠᠮᠠᠬᠠᠢ ᠬᠡᠢ ᠵᠢᠴᠢ ᠠᠯᠺᠣᠣᠯ ᠢᠶᠠᠷ ᠰᠠᠭᠤᠷᠢ ᠪᠣᠯᠭᠠᠭᠰᠠᠨ ᠲᠦᠯᠡᠰᠢ ᠶᠢᠨ ᠠᠮᠤᠷ ᠲᠦᠪᠰᠢᠨ ᠤ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠪᠠ ᠰᠢᠲᠠᠮᠠᠬᠠᠢ ᠬᠡᠢ᠂ ᠠᠯᠺᠣᠣᠯ ᠢᠶᠠᠷ ᠰᠠᠭᠤᠷᠢ ᠪᠣᠯᠭᠠᠭᠰᠠᠨ ᠲᠦᠯᠡᠰᠢ ᠵᠡᠷᠭᠡ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠣᠳᠣᠬᠠᠨ ᠳᠤ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠳᠤ 27 ︵ᠤᠳᠠᠭ᠎ᠠ︶ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ ᠪᠠᠶᠢᠨ᠎ᠠ᠃ ᠬᠤᠷᠬᠤᠭ ᠪᠠᠯᠭᠠᠰᠤ ᠭᠤᠣᠯᠳᠠᠯᠭ᠎ᠠ ᠲᠠᠢ ᠬᠦᠷᠢᠶ᠎ᠡ ᠪᠠᠷ ︽ᠰᠢᠪᠲᠤᠯᠤᠯᠲᠠ ᠶᠢᠨ ᠴᠡᠭ︾ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠡᠯ᠎ᠡ ᠵᠦᠢᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠲᠤᠰᠬᠠᠢ ᠵᠦᠢᠯ ᠢᠶᠠᠷ ᠵᠠᠰᠠᠬᠤ ᠠᠵᠢᠯᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ ᠪᠠ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠢᠳᠡᠪᠬᠢᠲᠡᠢ ᠪᠠᠷ  ᠨᠠᠶᠢᠳᠠᠪᠤᠷᠢᠵᠢᠭᠤᠯᠤᠨ᠎ᠠ᠃ 2021 ᠣᠨ ᠠᠴᠠ ᠣᠲᠣ ᠪᠣᠯᠲᠠᠯ᠎ᠠ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠡᠶᠢᠲᠡ ᠶᠢ 84 ︵ᠤᠳᠠᠭ᠎ᠠ︶ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠵᠢᠭᠠᠪᠤᠷᠢ ᠶᠢᠨ ᠪᠢᠴᠢᠭ ᠢ 25 ᠬᠤᠪᠢ ᠪᠠᠭᠤᠯᠭᠠᠵᠤ᠂ ᠨᠢᠭᠡᠨᠲᠡ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠨᠢ 100% ᠳᠤ ᠬᠥᠷᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号