ᠳᠤᠮᠳᠠᠳᠤ ᠤᠯᠤᠰ ᠤᠨ ᠡᠳᠦᠷ ᠤᠨ ᠰᠣᠨᠢᠨ ︽ᠨᠢᠩᠴᠧᠩ ᠤᠨ ᠮᠤᠤᠷ ᠤᠨ ᠡᠯᠡᠰᠤᠨ︾ ᠤ ᠲᠤᠬᠠᠢ ᠮᠡᠳᠡᠭᠡᠯᠡᠪᠡ
ᠨᠡᠶᠢᠲᠡᠯᠡᠭᠰᠡᠨ ᠴᠠᠭ᠄
2024/3/4
 ᠤᠶᠢᠷ᠎ᠠ ᠶᠢᠨ ᠡᠳᠦᠷ᠂ ︽ᠳᠤᠮᠳᠠᠳᠤ ᠤᠯᠤᠰ ᠤᠨ ᠡᠳᠦᠷ ᠤᠨ ᠰᠣᠨᠢᠨ︾  ᠤ ᠡᠳ᠋ ᠤᠨ ᠵᠠᠰᠠᠭ ᠠᠵᠤ ᠠᠬᠤᠢ ᠶᠢᠨ ᠬᠡᠪᠯᠡᠯ ᠤᠨ ᠲᠤᠰᠬᠠᠢ ᠪᠤᠯᠤᠩ ᠤᠨ ᠬᠠᠪᠰᠤᠷᠤᠯᠲᠠ ᠵᠢᠷᠤᠭ ᠲᠤ ︽Inner Mongolia town top cat in kitty litter biz︾  ᠢ ᠨᠡᠶᠢᠲᠡᠯᠡᠵᠦ᠂ ᠪᠦᠬᠦ ᠳᠡᠯᠡᠬᠡᠢ ᠳᠤ ᠨᠢᠩᠴᠧᠩ ᠰᠢᠶᠠᠨ ᠤ ᠮᠤᠤᠷ ᠤᠨ ᠡᠯᠡᠰᠦᠨ ᠤ ᠠᠵᠤ ᠠᠬᠤᠢ ᠶᠢ ᠬᠥᠭᠵᠢᠭᠦᠯᠦᠭᠰᠡᠨ ᠦᠯᠢᠭᠡᠷ ᠢ ᠲᠠᠨᠢᠯᠴᠠᠭᠤᠯᠪᠠ᠃ ᠨᠢᠩᠴᠧᠩ ᠰᠢᠶᠠᠨ ᠪᠦᠬᠦ ᠤᠯᠤᠰ ᠤᠨ ᠴᠢᠨᠠᠷ ᠰᠠᠶᠢᠲᠠᠢ  ᠬᠦᠪᠰᠦᠭᠡᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ ᠪᠣᠯᠤᠭᠰᠠᠨ ᠤ ᠬᠤᠪᠢ ᠳᠤ᠂ ᠮᠤᠤᠷ ᠤᠨ ᠡᠯᠡᠰᠦᠨ ᠤ ᠠᠵᠤ ᠦᠢᠯᠡᠰ ᠬᠥᠭᠵᠢᠭᠡᠳ ᠨᠢᠭᠡᠨᠲᠡ 20 ᠭᠠᠷᠤᠢ ᠵᠢᠯ ᠤᠨ ᠲᠡᠦᠬᠡ ᠲᠠᠢ ᠪᠣᠯᠵᠤ᠂ 1640 ᠲᠦᠮᠡᠨ ᠲᠣᠨ ᠬᠦᠪᠰᠦᠭᠡᠷ ᠰᠢᠷᠣᠢ ᠶᠢᠨ ᠡᠬᠢ ᠪᠠᠶᠠᠯᠢᠭ ᠤᠨ ᠬᠠᠳᠠᠭᠠᠯᠠᠯᠲᠠ ᠶᠢᠨ ᠬᠡᠮᠵᠢᠶ᠎ᠡ ᠵᠢᠴᠢ 20 ᠳ᠋ᠦᠩᠰᠢᠭᠤᠷ ᠲᠣᠨ ᠨᠢᠭᠤᠭᠳᠠᠮᠠᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠡᠮᠵᠢᠶ᠎ᠡ ᠲᠠᠢ ᠪᠠᠶᠢᠵᠤ᠂ ᠭᠠᠷᠤᠯᠲᠠ ᠶᠢᠨ ᠬᠡᠮᠵᠢᠶ᠎ᠡ  ᠨᠢ ᠪᠦᠬᠦ ᠤᠯᠤᠰ ᠤᠨ ᠶᠡᠷᠦᠩᠬᠡᠢ ᠭᠠᠷᠤᠯᠲᠠ ᠶᠢᠨ 2/3᠂ ᠪᠦᠬᠦ ᠠᠽᠢᠶ᠎ᠠ ᠲᠢᠪ ᠤᠨ 1/3᠂ ᠳᠡᠯᠡᠬᠡᠢ ᠶᠢᠨ 1/5 ᠢ ᠡᠵᠡᠯᠡᠵᠦ᠂ ᠪᠦᠬᠦ ᠤᠯᠤᠰ ᠤᠨ ᠴᠢᠨᠠᠷ ᠰᠠᠶᠢᠲᠠᠢ ᠬᠦᠪᠰᠦᠭᠡᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ ᠪᠣᠯᠵᠠᠢ᠃ ᠨᠢᠩᠴᠧᠩ ᠰᠢᠶᠠᠨ ᠴᠢᠨᠠᠷ ᠰᠠᠶᠢᠲᠠᠢ ᠬᠥᠪᠰᠥᠭᠡᠷ ᠰᠢᠷᠣᠢ ᠶᠢᠨ ᠡᠬᠢ ᠪᠠᠶᠠᠯᠢᠭ ᠲᠤ ᠰᠠᠭᠤᠷᠢᠯᠠᠵᠤ᠂ ᠬᠥᠩᠭᠡᠨ ᠪᠡᠶᠡᠲᠦ ᠮᠤᠤᠷ ᠤᠨ ᠡᠯᠡᠰᠦ᠂ ᠤᠰᠤᠨ ᠳᠤ ᠠᠭᠤᠰᠤᠭᠰᠠᠨ ᠮᠤᠤᠷ ᠤᠨ ᠡᠯᠡᠰᠦ ᠵᠡᠷᠭᠡ ᠥᠨᠳᠥᠷ ᠨᠡᠮᠡᠯᠲᠡ ᠥᠷᠲᠡᠭᠲᠦ ᠦᠢᠯᠡᠳᠬᠦᠨ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠨᠢᠩᠴᠧᠩ ᠤᠨ ᠮᠤᠤᠷ ᠤᠨ ᠡᠯᠡᠰᠦᠨ ᠤ ᠨᠡᠶᠢᠭᠡᠮᠯᠢᠭ ᠤᠨ ᠲᠤᠷᠰᠢᠯᠲᠠ ᠶᠢᠨ ᠲᠠᠰᠤᠭ ᠵᠢᠴᠢ ᠳᠤᠮᠳᠠ ᠵᠡᠷᠭᠡ ᠶᠢᠨ ᠲᠤᠷᠰᠢᠯᠲᠠ ᠶᠢᠨ ᠲᠠᠰᠤᠭ ᠪᠠᠶᠢᠭᠤᠯᠬᠤ ᠠᠬᠢᠴᠠ ᠶᠢ ᠠᠬᠢᠭᠤᠯᠵᠤ᠂ ︽ᠳᠤᠮᠳᠠᠳᠤ ᠤᠯᠤᠰ ᠤᠨ ᠮᠤᠤᠷ ᠤᠨ ᠡᠯᠡᠰᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ︾  ᠢ ᠲᠦᠷᠭᠡᠨ ᠪᠠᠶᠢᠭᠤᠯᠵᠤ᠂ ᠮᠤᠤᠷ ᠤᠨ ᠡᠯᠡᠰᠦᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠰᠢᠯᠭᠠᠨ ᠪᠠᠶᠢᠴᠠᠭᠠᠬᠤ᠂ ᠳᠡᠯᠭᠡᠨ ᠦᠵᠡᠭᠦᠯᠬᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ᠂ ᠡᠯᠧᠺᠲᠷᠣᠨ ᠬᠤᠳᠠᠯᠳᠤᠭᠠᠨ ᠤ ᠪᠣᠷᠤᠯᠠᠭᠤᠯᠭ᠎ᠠ ᠶᠢ ᠳᠡᠯᠭᠡᠷᠡᠭᠦᠯᠬᠦ ᠵᠡᠷᠭᠡ ᠴᠢᠳᠠᠪᠬᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠮᠤᠤᠷ ᠤᠨ ᠡᠯᠡᠰᠦᠨ ᠤ ᠠᠵᠤ ᠠᠬᠤᠶᠢᠯᠠᠯ ᠢ ᠬᠥᠲᠥᠯᠥᠨ ᠳᠠᠭᠠᠭᠤᠯᠵᠤ ᠪᠠᠶᠢᠭᠠᠳ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠬᠦ ᠶᠢ  ᠲᠦᠷᠭᠡᠳᠭᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号