ᠨᠢᠩᠴᠧᠩ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠤ ᠵᠠᠰᠠᠮᠠᠯ ᠵᠠᠮ ᠤᠨ ᠨᠤᠷᠠᠬᠤ ᠠᠶᠤᠯᠲᠠᠢ ᠬᠥᠭᠦᠷᠭᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/3/5
 ᠨᠢᠭᠡ ᠳᠤ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃ ᠵᠠᠮ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠤᠷᠠᠬᠤ ᠠᠶᠤᠯᠲᠠᠢ ᠬᠥᠭᠦᠷᠭᠡ ᠵᠢᠴᠢ ᠠᠮᠤᠷ ᠲᠦᠪᠰᠢᠨ ᠤ ᠳᠠᠯᠳᠠ ᠬᠡᠮ ᠤᠨ ᠪᠣᠳᠠᠲᠠᠢ ᠪᠠᠶᠢᠳᠠᠯ ᠢ ᠡᠵᠡᠮᠰᠢᠨ᠂ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠥᠭᠡᠷᠡᠴᠢᠯᠡᠬᠦ ᠪᠠ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠤᠨ ᠬᠡᠷᠡᠭᠵᠢᠭᠦᠯᠬᠦ ᠵᠦᠢ ᠵᠣᠬᠢᠰᠲᠠᠢ ᠲᠥᠰᠥᠯ ᠢ ᠲᠣᠭᠲᠠᠭᠠᠵᠤ᠂ ᠲᠥᠷᠥᠯ ᠵᠦᠢᠯ ᠤᠨ ᠬᠠᠷᠠᠯᠲᠠ᠂ ᠡᠭᠦᠷᠭᠡ᠂ ᠠᠬᠢᠴᠠ ᠵᠢᠴᠢ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶᠢᠯᠠᠨ᠂ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠵᠢᠴᠢ ᠲᠣᠰᠬᠤᠨ ᠤ ᠠᠷᠠᠳ ᠤᠨ ᠵᠥᠪᠯᠡᠯ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ ᠂ ᠲᠡᠳᠡᠨ ᠤ ᠳᠡᠮᠵᠢᠯᠭᠡ ᠪᠠ ᠬᠠᠮᠵᠢᠯᠴᠠᠭ᠎ᠠ ᠶᠢ ᠴᠢᠷᠮᠠᠶᠢᠨ ᠣᠯᠵᠤ᠂ ᠢᠨᠵᠧᠨᠧᠷᠢᠩ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠨ᠎ᠠ᠃ ᠬᠤᠶᠠᠷ ᠲᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠤᠭᠯᠠᠭᠤᠯᠤᠨ᠎ᠠ᠃ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠮᠥᠩᠭᠦᠨ ᠤ ᠳᠡᠮᠵᠢᠯᠭᠡ ᠶᠢ ᠲᠡᠮᠡᠴᠡᠨ ᠣᠯᠬᠤ ᠶᠢᠨ ᠬᠠᠮᠲᠤ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠵᠤ᠂ PPP ᠵᠡᠷᠭᠡ ᠵᠠᠭᠪᠤᠷ ᠢᠶᠠᠷ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠳᠠᠲᠠᠨ᠎ᠠ᠃ ᠡᠭᠦᠨ ᠠᠴᠠ ᠭᠠᠳᠠᠨ᠎ᠠ᠂ ᠨᠥᠬᠦᠴᠡᠯ ᠪᠦᠷᠢᠯᠳᠦᠪᠡᠯ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠵᠣᠭᠤᠰ ᠮᠥᠩᠭᠦ ᠡᠳ᠋ ᠪᠣᠳᠠᠰ ᠬᠠᠨᠳᠢᠪᠯᠡᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠪᠡᠯᠡ ᠮᠥᠩᠭᠦᠨ ᠤ ᠪᠠᠲᠤᠯᠠᠭ᠎ᠠ ᠬᠠᠩᠭᠠᠨ᠎ᠠ᠃ 2023 ᠣᠨ ᠳᠤ ᠨᠢᠭᠡᠨᠲᠡ 12.981 ᠺᠢᠯᠣᠮᠧᠲᠷ ᠤᠨ ᠠᠮᠤᠷ ᠲᠦᠪᠰᠢᠨ ᠤ ᠰᠡᠷᠭᠡᠶᠢᠯᠡᠯᠲᠡ ᠬᠢᠵᠦ ᠂ ᠶᠡᠷᠦᠩᠬᠡᠢ ᠪᠡᠯᠡ ᠣᠷᠣᠭᠤᠯᠤᠯᠲᠠ ᠨᠢ 221.21 ᠲᠦᠮᠡ ᠳᠤ ᠬᠦᠷᠴᠡᠢ᠂ ᠡᠭᠦᠨ ᠳᠤ ᠲᠦᠷᠦᠭᠦᠸ ᠪᠦᠯᠦᠭ ᠤᠨ ᠲᠥᠪ ᠠᠴᠠ ᠪᠠᠭᠤᠯᠭᠠᠬᠰᠠᠨ 65 ᠲᠦᠮᠡᠨ ᠲᠥᠭᠦᠷᠢᠭ ᠤᠨ ᠨᠥᠬᠦᠪᠦᠷᠢ ᠶᠢ ᠪᠠᠭᠲᠠᠭᠠᠨ᠎ᠠ᠃  ᠭᠤᠷᠪᠠ ᠳᠤ ᠶᠠᠰᠤ ᠴᠢᠨᠠᠷ ᠤᠨ ᠬᠠᠮᠢᠶᠠᠷᠤᠯᠲᠠ ᠶᠢ ᠴᠢᠬᠤᠯᠠᠴᠢᠯᠠᠨ ᠴᠢᠩᠭᠠᠳᠬᠠᠨ᠎ᠠ᠃ ᠡᠯ᠎ᠡ ᠭᠤᠭᠴᠤᠭ᠎ᠠ ᠳᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠵᠢᠷᠤᠭ ᠲᠥᠯᠥᠪᠯᠡᠭᠡ ᠶᠢᠨ ᠱᠠᠲᠤ ᠦᠶ᠎ᠡ ᠳᠤ ᠬᠥᠭᠦᠷᠭᠡ ᠶᠢᠨ ᠪᠦᠲᠦᠴᠡ᠂ ᠮᠠᠲ᠋ᠧᠷᠢᠶᠠᠯ᠂ ᠪᠠᠷᠢᠯᠭ᠎ᠠ ᠶᠢᠨ ᠤᠷᠠᠯᠠᠯ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠨ᠂ ᠵᠢᠷᠤᠭ ᠲᠥᠯᠥᠪᠯᠡᠭᠡ ᠶᠢᠨ ᠵᠦᠢ ᠵᠣᠬᠢᠰᠲᠠᠢ᠂ ᠰᠢᠨᠵᠢᠯᠡᠬᠦ ᠤᠬᠠᠭᠠᠨᠴᠢ ᠪᠠᠶᠢᠬᠤ ᠶᠢ ᠦᠨᠡᠨᠬᠦ ᠪᠠᠲᠤᠯᠠᠨ᠎ᠠ᠃ ᠪᠠᠷᠢᠯᠭ᠎ᠠ ᠪᠠᠷᠢᠬᠤ ᠠᠴᠠ ᠡᠮᠦᠨ᠎ᠡ ᠪᠠ ᠪᠠᠷᠢᠯᠭ᠎ᠠ ᠪᠠᠷᠢᠬᠤ ᠱᠠᠲᠤᠨ ᠳᠤ ᠪᠠᠷᠢᠯᠭ᠎ᠠ ᠪᠠᠷᠢᠬᠤ ᠡᠩᠨᠡᠭᠡᠨ ᠤ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠪᠠᠷᠢᠬᠤ ᠮᠡᠷᠭᠡᠵᠢᠯ ᠤᠨ ᠵᠢᠷᠤᠮᠵᠢᠯ ᠲᠠᠢ᠂ ᠠᠵᠢᠯᠯᠠᠬᠤ ᠳᠠᠭᠠᠨ ᠪᠣᠯᠪᠠᠰᠤᠷᠠᠩᠭᠤᠢ ᠪᠠᠶᠢᠬᠤ ᠶᠢ ᠪᠠᠲᠤᠯᠠᠨ᠎ᠠ᠃ ᠬᠢᠨᠠᠨ ᠬᠠᠮᠢᠶᠠᠷᠬᠤ ᠱᠠᠲᠤᠨ ᠳᠤ ᠬᠢᠨᠠᠨ ᠬᠠᠮᠢᠶᠠᠷᠬᠤ ᠨᠢᠭᠡᠴᠡ ᠶᠢᠨ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠵᠤ᠂ ᠪᠥᠬᠦ ᠶᠠᠪᠤᠴᠠ ᠳᠤ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠡᠵᠡᠮᠳᠡᠨ᠎ᠡ᠃ ᠰᠢᠯᠭᠠᠨ ᠠᠪᠬᠤ ᠱᠠᠲᠤᠨ ᠳᠤ  ᠪᠠᠷᠢᠮᠵᠢᠶ᠎ᠠ ᠶᠢ ᠴᠢᠩᠭ᠎ᠠ ᠵᠢᠷᠤᠮᠯᠠᠨ ᠰᠢᠯᠭᠠᠨ ᠠᠪᠴᠤ᠂ ᠪᠠᠷᠢᠯᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠬᠦ ᠶᠢ ᠪᠠᠲᠤᠯᠠᠭᠰᠠᠭᠠᠷ ᠢᠷᠡᠵᠠᠢ᠃  ᠳᠥᠷᠪᠡ ᠳᠤ᠂ ᠲᠦᠷᠦᠯ ᠵᠦᠢᠯ ᠢ ᠪᠦᠷᠢᠳᠬᠡᠨ ᠲᠣᠬᠢᠷᠠᠭᠤᠯᠬᠤ ᠶᠢ ᠴᠢᠩᠭᠠᠳᠬᠠᠨ᠎ᠠ᠃ ᠨᠢᠭᠡ ᠲᠠᠯ᠎ᠠ ᠪᠠᠷ᠂ ᠲᠥᠷᠥᠯ ᠵᠦᠢᠯ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠰᠠᠶᠢᠲᠤᠷ ᠲᠠᠭᠯᠠᠨ ᠮᠡᠳᠡᠭᠦᠯᠵᠦ᠂ ᠲᠥᠷᠥᠯ ᠵᠦᠢᠯ ᠤᠨ ᠠᠬᠢᠴᠠ᠂ ᠪᠡᠯᠡ ᠣᠷᠣᠭᠤᠯᠤᠯᠲᠠ᠂ ᠶᠠᠰᠤ ᠴᠢᠨᠠᠷ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠨᠡᠳᠬᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃ ᠨᠥᠭᠦᠭᠡ ᠲᠠᠯ᠎ᠠ ᠪᠠᠷ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠠᠬᠢᠴᠠ ᠤᠳᠠᠭᠠᠰᠢᠷᠠᠭᠰᠠᠨ᠂ ᠶᠠᠰᠤ ᠴᠢᠨᠠᠷ ᠤᠨ ᠠᠰᠠᠭᠤᠳᠠᠯ ᠵᠡᠷᠭᠡ ᠲᠥᠷᠥᠯ ᠵᠦᠢᠯ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠪᠠ ᠴᠡᠭᠴᠡᠯᠡᠨ ᠰᠠᠶᠢᠵᠢᠷᠠᠭᠤᠯᠤᠨ᠎ᠠ᠃ ᠣᠲᠣ ᠪᠣᠯᠲᠠᠯ᠎ᠠ᠂ ᠬᠥᠳᠡᠭᠡ ᠲᠣᠰᠬᠤᠨ ᠤ ᠵᠠᠰᠠᠮᠠᠯ ᠵᠠᠮ ᠤᠨ ᠨᠤᠷᠠᠬᠤ ᠠᠶᠤᠯᠲᠠᠢ ᠬᠥᠭᠦᠷᠭᠡ ᠶᠢᠨ 5 ᠰᠠᠭᠤᠷᠢ 121  ᠤᠷᠳᠤᠳᠬᠠᠯ ᠮᠧᠲᠷ ᠤᠨ ᠥᠭᠡᠷᠡᠴᠢᠯᠡᠯᠲᠡ ᠶᠢ ᠨᠢᠭᠡᠨᠲᠡ ᠪᠡᠶᠡᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号