| ᠨᠢᠭᠡ ᠳᠤ ᠰᠤᠷᠭᠠᠭᠤᠯᠢ ᠡᠷᠭᠢᠯᠡᠬᠦ ᠨᠥᠬᠦᠴᠡᠯ ᠳᠤ ᠰᠢᠨ᠎ᠡ ᠪᠠᠶᠢᠳᠠᠯ ᠢᠯᠡᠷᠡᠪᠡ᠃ ᠳᠤᠮᠳᠠᠳᠤ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ 13 | ᠲᠥᠷᠥᠯ ᠵᠦᠢᠯ ᠢ ᠬᠡᠷᠡᠭᠵᠢᠭᠦᠯᠵᠦ᠂ ᠪᠠᠷᠢᠯᠭ᠎ᠠ ᠶᠢᠨ ᠶᠡᠷᠦᠩᠬᠡᠢ ᠬᠡᠪᠴᠢᠶ᠎ᠡ ᠨᠢ 12.19 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠴᠦ᠂ 4.75 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠎ᠠ᠂ ᠮᠣᠩᠭᠤᠯ | ᠦᠨᠳᠦᠰᠦᠲᠡᠨ ᠤ ᠳᠤᠮᠳᠠᠳᠤ ᠰᠤᠷᠭᠠᠭᠤᠯᠢ᠂ ᠲᠢᠶᠠᠨ ᠢ ᠲᠠᠪᠤᠳᠤᠭᠠᠷ ᠪᠠᠭ᠎ᠠ ᠰᠤᠷᠭᠠᠭᠤᠯᠢ ᠶᠢ ᠨᠢᠭᠡᠨᠲᠡ ᠪᠠᠶᠢᠭᠤᠯᠵᠤ | ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠪᠠ᠃ ᠬᠤᠶᠠᠷ ᠲᠤ ᠡᠯ᠎ᠡ ᠲᠦᠷᠦᠯ ᠤᠨ ᠰᠤᠷᠭᠠᠨ ᠬᠥᠮᠦᠵᠢᠯ | ᠰᠢᠨ᠎ᠡ ᠬᠥᠭᠵᠢᠯᠲᠡ ᠲᠠᠢ ᠪᠣᠯᠪᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠨᠢᠭᠡ ᠰᠢᠶᠠᠨ | ᠨᠢᠭᠡ ᠲᠦᠰᠦᠯ︾ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠭᠤᠯᠤᠨ ᠬᠥᠭᠵᠢᠭᠦᠯᠪᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠳᠤ ᠰᠢᠶᠠᠨ ᠬᠤᠲᠠ ᠶᠢᠨ ᠲᠠᠰ ᠤᠨ ᠰᠢᠨᠵᠢᠯᠡᠭᠡᠨ ᠤ ᠰᠠᠯᠠᠭ᠎ᠠ ᠶᠢᠨ ᠰᠠᠭᠤᠷᠢᠨ ᠭᠠᠵᠠᠷ 71 ᠪᠣᠶ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ︽ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ︾ | 6᠂ ︽ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠳᠡᠮ ᠬᠡᠷᠡᠭᠯᠡᠬᠦ ᠬᠢᠴᠢᠶᠡᠯ ᠤᠨ ᠭᠡᠷ︾ 1 ᠶᠢ | ᠰᠢᠨ᠎ᠡ ᠪᠠᠷ ᠪᠠᠶᠢᠭᠤᠯᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠰᠤᠷᠭᠠᠭᠤᠯᠢ ᠳᠠᠪᠰᠢᠵᠤ ᠳᠠᠬᠢᠨᠲᠠ ᠰᠢᠯᠢᠳᠡᠭ ᠬᠢᠷᠢ ᠪᠦᠲᠦᠮᠵᠢ ᠣᠯᠵᠤ᠂ ᠠᠵᠢᠯ ᠮᠡᠷᠭᠡᠵᠢᠯ ᠤᠨ | ᠵᠢᠩᠬᠢᠨᠢ ᠠᠩᠭᠢ ᠳᠤ 402 ᠬᠥᠮᠥᠨ ᠡᠯᠰᠡᠭᠳᠡᠵᠦ᠂ ᠪᠥᠬᠦ ᠣᠷᠣᠨ ᠤ ᠶᠡᠷᠦᠩᠬᠡᠢ ᠰᠣᠷᠣᠭᠴᠢ ᠡᠯᠰᠡᠬᠦ | ᠲᠥᠯᠥᠪᠯᠡᠭᠡ ᠶᠢᠨ 26.53% ᠶᠢ ᠡᠵᠡᠯᠡᠪᠡ᠃ ᠣᠨᠴᠠᠭᠠᠶ ᠰᠤᠷᠭᠠᠨ ᠬᠥᠮᠦᠵᠢᠯ ᠤᠨ ᠲᠠᠯ᠎ᠠ ᠪᠠᠷ ᠡᠩ ᠤᠨ ᠪᠠ | ᠣᠨᠴᠠᠭᠠᠶ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠯ᠂ ᠲᠤᠰᠬᠠᠢ ᠮᠡᠷᠭᠡᠵᠢᠯ ᠤᠨ ᠪᠠ ᠣᠨᠴᠠᠭᠠᠶ | ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠯ᠂ ᠡᠮ ᠡᠮᠨᠡᠯᠭᠡ ᠰᠤᠷᠭᠠᠨ ᠬᠥᠮᠦᠵᠢᠯ᠂ ᠡᠷᠡᠭᠦᠯ ᠮᠡᠨᠳᠦ ᠶᠢᠨ | ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠭᠤᠰᠤᠯᠴᠠᠯ ᠢ ᠬᠦᠴᠦᠯᠡᠨ ᠠᠬᠢᠭᠤᠯᠵᠤ᠂ | ᠣᠨᠴᠠᠭᠠᠶ ᠰᠤᠷᠭᠠᠨ ᠬᠥᠮᠦᠵᠢᠯ ᠤᠨ ᠣᠶᠤᠨᠲᠤ ᠰᠤᠷᠭᠠᠭᠤᠯᠢ ᠶᠢᠨ ᠬᠦᠷᠢᠶ᠎ᠡ᠂ ᠣᠶᠤᠨᠲᠤ ᠬᠢᠴᠢᠶᠡᠯ ᠤᠨ ᠲᠠᠩᠬᠢᠮ ᠤᠨ | ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠰᠤᠷᠭᠠᠭᠤᠯᠢ ᠳᠤ ᠣᠷᠣᠬᠤ ᠨᠤᠷᠮ᠎ᠠ ᠶᠢ 100% ᠪᠠᠷ | ᠪᠠᠲᠤᠯᠠᠪᠠ᠃ ᠭᠤᠷᠪᠠ ᠳᠤ ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ | ᠰᠤᠷᠭᠠᠭᠤᠯᠢ ᠶᠢᠨ ᠬᠠᠮᠵᠢᠯᠴᠠᠨ ᠬᠥᠭᠵᠢᠬᠦ ᠲᠣᠭᠲᠠᠴᠠ ᠶᠢᠨ ᠰᠢᠨ᠎ᠡ ᠶᠢ ᠡᠭᠦᠳᠴᠦ᠂ ︽ᠨᠠᠷᠠᠲᠤ ᠰᠤᠷᠭᠠᠭᠤᠯᠢ + | ᠪᠠᠭᠤᠷᠠᠢ ᠰᠤᠷᠭᠠᠭᠤᠯᠢ︾ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ + ᠠᠵᠢᠯ ᠮᠡᠷᠭᠡᠵᠢᠯ ᠤᠨ | ᠰᠤᠷᠭᠠᠭᠤᠯᠢ︾ ︽ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ + ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ | ᠶᠢᠨ ᠪᠦᠯᠦᠭᠯᠡᠯᠵᠢᠭᠦᠯᠦᠨ ᠰᠤᠷᠭᠠᠭᠤᠯᠢ ᠡᠷᠭᠢᠯᠡᠬᠦ ᠶᠢ ᠠᠬᠢᠭᠤᠯᠤᠨ᠎ᠠ᠃ ᠪᠣᠶ ᠪᠦᠬᠦᠢ ᠬᠡᠦᠬᠡᠳ ᠤᠨ ᠴᠡᠴᠡᠷᠯᠢᠭ ᠪᠠ | 11 ᠰᠤᠷᠭᠠᠭᠤᠯᠢ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ | ᠳᠥᠷᠪᠡ ᠳᠤ ᠶᠣᠰᠣ ᠮᠣᠷᠠᠯ ᠤᠨ ᠬᠥᠮᠦᠵᠢᠯ ᠤᠨ ᠠᠵᠢᠯ ᠢ ᠲᠠᠰᠤᠷᠠᠯᠳᠠ ᠦᠭᠡᠢ ᠴᠢᠩᠭᠠᠳᠬᠠᠪᠠ᠃ ᠬᠡᠪ ᠴᠢᠨᠠᠷ ᠤᠨ | ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠨ᠎ᠡ ᠰᠢᠯᠭᠠᠯᠲᠠ ᠶᠢᠨ ᠬᠢᠴᠢᠶᠡᠯ ᠤᠨ ᠦᠭᠡᠷᠡᠴᠢᠯᠡᠯᠲᠡ ᠶᠢ ᠯᠠᠪᠳᠠᠭᠤᠨ ᠬᠡᠷᠩᠵᠢᠭᠦᠯᠦᠨ᠎ᠡ᠃ ᠲᠠᠪᠤ ᠳᠤ᠂ ᠪᠠᠭᠰᠢ ᠶᠢᠨ | ᠡᠩᠨᠡᠭᠡ ᠶᠢ ᠳᠠᠰᠤᠷᠠᠯᠳᠠ ᠦᠭᠡᠢ ᠨᠥᠬᠦᠪᠦᠷᠢᠯᠡᠨ ᠬᠦᠴᠦᠷᠬᠡᠭᠵᠢᠭᠦᠯᠪᠡ᠃ ᠣᠳᠣᠬᠠᠨ ᠳᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠶᠡᠭᠡ ᠳᠡᠭᠡᠳᠦ ᠰᠤᠷᠭᠠᠭᠤᠯᠢ ᠳᠤ ᠬᠦᠷᠴᠦ ᠤᠷᠢᠨ ᠬᠡᠷᠡᠭᠯᠡᠬᠦ᠂ ᠢᠯᠡ ᠪᠠᠷ ᠤᠷᠢᠬᠤ ᠪᠠᠷ | ᠳᠡᠮᠵᠢᠨ᠂ 299 ᠪᠠᠭᠰᠢ ᠶᠢ ᠡᠯᠰᠡᠵᠦ ᠨᠥᠬᠦᠪᠦᠷᠢᠯᠡᠪᠡ᠃ |