ᠳᠡᠭᠡᠷ᠎ᠡ ᠬᠤᠷᠤᠭ᠎ᠠ ᠪᠠᠯᠭᠠᠰᠦ ᠲᠦᠬᠦᠭᠡᠷᠤᠮᠵᠢᠲᠦ ᠲᠠᠷᠢᠶᠠᠯᠠᠩ ᠤᠨ ︽ᠰᠢᠨ᠎ᠡ ᠵᠠᠮ︾ ᠢ  ᠡᠭᠦᠳᠦᠨ᠎ᠡ
ᠨᠡᠶᠢᠲᠡᠯᠡᠭᠰᠡᠨ ᠴᠠᠭ᠄
2024/3/6
 ᠨᠢᠭᠡ ᠳᠤ ᠤᠷᠢᠳᠴᠢᠯᠠᠨ ᠠᠷᠭ᠎ᠠ ᠰᠦᠪᠡᠭᠴᠢᠯᠡᠨ ᠪᠠᠶᠢᠷᠢᠯᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠪᠡᠯᠡᠳᠬᠡᠯ ᠬᠢᠴᠢᠶᠡᠯ ᠢ ᠭᠦᠢᠴᠡᠳ ᠬᠢᠨ᠎ᠡ᠃ ᠳᠡᠭᠡᠷ᠎ᠡ ᠬᠤᠷᠤᠭ᠎ᠠ ᠪᠠᠯᠭᠠᠰᠤᠨ ᠳᠤ ᠲᠦᠬᠦᠭᠡᠷᠤᠮᠵᠢᠲᠦ ᠲᠠᠷᠢᠶᠠᠯᠠᠩ ᠤᠨ ᠬᠥᠭᠵᠢᠯᠲᠡ ᠶᠢᠨ ᠠᠵᠢᠯ ᠤᠨ ᠲᠤᠰᠬᠠᠢ ᠠᠩᠭᠢ ᠪᠠᠶᠢᠭᠤᠯᠵᠤ᠂ ᠣᠨ ᠤ ᠲᠦᠬᠦᠭᠡᠷᠤᠮᠵᠢᠲᠦ ᠲᠠᠷᠢᠶᠠᠯᠠᠩ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ᠂ ᠬᠠᠭᠠᠰ ᠵᠢᠯ ᠤᠨ ᠡᠮᠦᠨ᠎ᠡ ᠳᠠᠷᠠᠭ᠎ᠠ ᠨᠢᠭᠡ ᠵᠢᠯ ᠤᠨ ᠲᠦᠬᠦᠭᠡᠷᠤᠮᠵᠢᠲᠦ ᠲᠠᠷᠢᠶᠠᠯᠠᠩ ᠤᠨ ᠲᠥᠷᠥᠯ ᠵᠦᠢᠯ ᠢ ᠲᠥᠯᠥᠪᠯᠡᠨ᠎ᠡ᠃ ᠭᠠᠳᠠᠭᠰᠢ ᠭᠠᠷᠴᠤ ᠲᠣᠭᠤᠷᠢᠨ ᠦᠵᠡᠵᠦ ᠰᠤᠷᠤᠯᠴᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠬᠠᠢ ᠶᠢᠨ ᠭᠠᠵᠠᠷ ᠲᠤᠨᠢ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢ ᠭᠤᠣᠯᠳᠠᠯᠭ᠎ᠠ ᠲᠠᠢ ᠤᠬᠠᠭᠤᠯᠵᠤ᠂ ᠲᠠᠷᠢᠶᠠᠴᠢᠨ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠦᠬᠦᠭᠡᠷᠤᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠬᠠᠮᠲᠤᠷᠠᠨ ᠪᠠᠶᠢᠭᠤᠯᠤᠨ᠎ᠠ᠃ 2023 ᠣᠨ ᠳᠤ᠂ ᠲᠦᠬᠦᠭᠡᠷᠤᠮᠵᠢᠲᠦ ᠲᠠᠷᠢᠶᠠᠯᠠᠩ ᠢ 1520 ᠮᠦ ᠰᠢᠨ᠎ᠡ ᠪᠠᠷ ᠨᠡᠮᠡᠭᠳᠡᠭᠦᠯᠵᠦ᠂ ᠡᠭᠦᠨ ᠳᠤ ᠨᠡᠷᠡᠨ ᠬᠡᠷᠡᠯ ᠤᠨ ᠬᠦᠯᠡᠮᠵᠢ 1000 ᠮᠦ᠂ ᠬᠦᠢᠲᠡᠨ ᠰᠠᠷᠠᠪᠴᠢ 520 ᠮᠦ ᠪᠠᠶᠢᠵᠤ᠂ ᠪᠥᠬᠦ ᠪᠠᠯᠭᠠᠰᠤᠨ ᠤ ᠲᠦᠬᠦᠭᠡᠷᠤᠮᠵᠢᠲᠦ ᠲᠠᠷᠢᠶᠠᠯᠠᠩ ᠤᠨ ᠲᠠᠯᠠᠪᠠᠶ 3.9 ᠲᠦᠮᠡᠨ ᠮᠦ ᠳᠤ ᠬᠦᠷᠴᠦ᠂ ᠵᠢᠯ ᠳᠤ ᠲᠥᠪᠡᠳ ᠬᠠᠰᠢ ᠶᠢᠨ ᠭᠠᠷᠤᠯᠲᠠ 10 ᠲᠦᠮᠡᠨ ᠲᠣᠨ ᠢ ᠳᠠᠪᠠᠵᠤ᠂ ᠦᠢᠯᠡᠳᠬᠦᠨ ᠤ ᠥᠷᠲᠡᠭ ᠨᠢ 5 ᠳ᠋ᠦᠩᠰᠢᠭᠤᠷ ᠲᠥᠭᠦᠷᠢᠭ ᠢ ᠳᠠᠪᠠᠪᠠ᠃  ᠬᠤᠶᠠᠷ ᠲᠤ ᠡᠯᠭᠦᠭᠡ ᠵᠢᠷᠤᠭ ᠢᠶᠠᠷ ᠪᠠᠶᠢᠯᠳᠤᠬᠤ ᠶᠢ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠶᠢ ᠳᠠᠭᠠᠬᠤ ᠶᠢ ᠰᠠᠶᠢᠲᠤᠷ ᠬᠢᠨ᠎ᠡ᠃ ᠵᠢᠷᠤᠭ ᠡᠯᠭᠦᠨ ᠪᠠᠶᠢᠯᠳᠤᠬᠤ ᠶᠢ ᠬᠡᠷᠡᠭᠵᠢᠭᠦᠯᠵᠦ᠂ ᠪᠣᠳᠠᠲᠠᠢ ᠬᠠᠷᠢᠭᠤᠴᠠᠯᠭᠠᠲᠠᠨ ᠢ ᠲᠣᠭᠲᠠᠭᠠᠨ᠂ ᠪᠣᠳᠠᠲᠠᠢ ᠠᠵᠢᠯ ᠤᠨ ᠨᠠᠷᠢᠨ ᠬᠠᠭᠤᠳᠠᠰᠤ ᠶᠢ ᠵᠢᠭᠰᠠᠭᠠᠵᠤ᠂ ᠭᠠᠷᠠᠭ ᠪᠦᠷᠢ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠠᠬᠢᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠤᠯᠠᠮᠵᠢᠯᠠᠯᠲᠤ ᠬᠦᠯᠡᠮᠵᠢ ᠶᠢᠨ ᠲᠠᠷᠢᠮᠠᠯ ᠠᠴᠠ ᠡᠭᠦᠰᠦᠭᠰᠡᠨ ᠬᠥᠷᠥᠰᠥ ᠰᠢᠷᠣᠢ ᠶᠢ ᠬᠠᠲᠠᠭᠤᠷᠠᠭᠤᠯᠬᠤ᠂ ᠬᠤᠵᠢᠷᠰᠢᠭᠤᠯᠬᠤ᠂ ᠰᠢᠷᠣᠢ ᠪᠠᠷ ᠲᠠᠷᠬᠠᠬᠤ ᠡᠪᠡᠳᠴᠢᠨ ᠬᠤᠷᠣᠬᠠᠢ ᠶᠢᠨ ᠬᠥᠨᠥᠭᠡᠯ᠂ ᠲᠠᠷᠢᠶᠠᠨ ᠡᠮ ᠤᠨ ᠦᠯᠡᠳᠡᠭᠳᠡᠯ ᠵᠡᠷᠭᠡ ᠠᠰᠠᠭᠤᠳᠠᠯ ᠳᠤ ᠴᠢᠭᠯᠡᠭᠦᠯᠦᠨ᠂ ᠣᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠲᠦᠰᠢᠭᠯᠡᠨ᠂ 200 ᠮᠦ ᠰᠢᠷᠣᠢ ᠦᠭᠡᠢ ᠪᠠᠷ ᠲᠠᠷᠢᠬᠤ᠂ 1000 ᠭᠠᠷᠤᠢ ᠮᠦ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠢᠳᠡᠪᠬᠢᠲᠡᠢ ᠳᠡᠯᠭᠡᠷᠡᠭᠦᠯᠵᠦ᠂ ᠤᠯᠠᠮᠵᠢᠯᠠᠯᠲᠤ ᠬᠦᠯᠡᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠯᠠᠯ ᠤᠨ ᠪᠣᠭᠤᠮᠢ ᠶᠢ ᠰᠢᠪᠲᠤᠯᠤᠨ᠎ᠠ᠃  ᠭᠤᠷᠪᠠ ᠳᠤ ᠤᠯᠠᠨ ᠴᠢᠭᠯᠡᠯ ᠢᠶᠠᠷ ᠬᠠᠶᠢᠨ ᠰᠦᠪᠡᠭᠴᠢᠯᠡᠬᠦ ᠪᠠᠷ ᠬᠦᠴᠦᠯᠡᠵᠦ᠂ ᠠᠵᠤ ᠦᠢᠯᠡᠰ ᠤᠨ ᠬᠥᠭᠵᠢᠯᠲᠡ ᠶᠢᠨ ᠲᠦᠷᠦᠯ ᠲᠡᠮᠳᠡᠭ ᠤᠨ ᠦᠢᠯᠡᠳᠦᠯ ᠢ ᠴᠢᠩᠭᠠᠳᠬᠠᠨ᠎ᠠ᠃ ᠵᠢᠯ ᠳᠤ 2000 ᠲᠦᠮᠡᠨ ᠰᠠᠭᠤᠷᠢ ᠴᠢᠬᠢ ᠪᠣᠶᠢᠵᠢᠭᠤᠯᠬᠤ ᠦᠢᠯᠡᠳᠪᠦᠷᠢᠵᠢᠭᠦᠯᠦᠨ ᠴᠢᠬᠢ ᠪᠣᠶᠢᠵᠢᠭᠤᠯᠬᠤ ᠶᠢ ᠬᠥᠭᠵᠢᠭᠦᠯᠬᠦ ᠪᠠᠷ ᠳᠠᠮᠵᠢᠭᠤᠯᠤᠨ᠂ ᠪᠦᠬᠦ ᠪᠠᠯᠭᠠᠰᠤᠨ ᠤ ᠰᠠᠶᠢᠨ ᠡᠭᠦᠯᠳᠡᠷ ᠤᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠲᠡᠷᠢᠮᠠᠯ ᠤᠨ ᠦᠷ᠎ᠡ ᠪᠠ ᠵᠤᠯᠵᠠᠭ᠎ᠠ ᠮᠣᠳᠣᠨ ᠤ ᠴᠢᠨᠠᠷ ᠢ ᠡᠬᠢ ᠰᠤᠷᠪᠤᠯᠵᠢ ᠠᠴᠠ ᠨᠢ ᠪᠠᠲᠤᠯᠠᠨ᠎ᠠ᠃ ᠹᠧᠩ ᠮᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠥᠯᠥᠭᠡᠯᠡᠭᠦᠯᠦᠭᠰᠡᠨ ᠬᠥᠲᠥᠴᠢ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠷᠠᠲᠤ ᠲᠥᠷᠥᠯ ᠲᠡᠮᠳᠡᠭᠲᠦ ᠶᠢ ᠬᠠᠮᠲᠤᠪᠠᠷ ᠪᠠᠶᠢᠭᠤᠯᠬᠤ ᠶᠢ ᠬᠠᠮᠲᠤᠷᠠᠨ ᠥᠷᠨᠢᠭᠦᠯᠦᠨ᠎ᠡ᠃ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠳᠡᠯᠭᠡᠨ ᠪᠣᠷᠣᠯᠠᠭᠤᠯᠬᠤ ᠴᠤᠭᠯᠠᠭᠠᠨ ᠢ ᠠᠰᠢᠭᠯᠠᠨ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠡᠭᠡᠷ᠎ᠡ ᠬᠤᠷᠤᠭ᠎ᠠ ᠪᠠᠯᠭᠠᠰᠤ ᠶᠢᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠬᠤ ᠰᠠᠭᠤᠷᠢᠨ ᠭᠠᠵᠠᠷ ᠢ ᠪᠠᠶᠢᠭᠤᠯᠬᠤ ᠵᠡᠷᠭᠡ ᠠᠷᠭ᠎ᠠ ᠮᠠᠶ᠋ᠢᠭ ᠢ ᠠᠰᠢᠭᠯᠠᠨ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ 2023 ᠣᠨ ᠳᠤ ︽ᠨᠢᠩᠴᠧᠩ ᠤᠨ ᠲᠥᠪᠡᠳ ᠬᠠᠰᠢ︾ ᠶᠢ ᠬᠤᠶᠠᠳᠤᠭᠠᠷ ᠪᠦᠯᠦᠭ ᠤᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠪᠠ᠃  ᠳᠥᠷᠪᠡ ᠳᠤ᠂ ᠬᠡᠯᠬᠢᠶ᠎ᠡ ᠶᠢ ᠤᠷᠳᠤᠳᠬᠠᠨ ᠬᠡᠯᠬᠢᠶ᠎ᠡ ᠶᠢ ᠨᠥᠬᠦᠪᠦᠷᠢᠯᠡᠨ ᠬᠡᠯᠬᠢᠶ᠎ᠡ ᠶᠢ ᠴᠢᠩᠭᠠᠳᠬᠠᠵᠤ᠂ ᠪᠦᠬᠦ ᠠᠵᠤ ᠦᠢᠯᠡᠰ ᠤᠨ ᠬᠥᠭᠵᠢᠯᠲᠡ ᠶᠢᠨ ᠣᠷᠴᠢᠯ ᠬᠡᠯᠬᠢᠶ᠎ᠡ ᠶᠢ ᠪᠦᠷᠢᠯᠳᠦᠭᠦᠯᠦᠨ᠎ᠡ᠃ ᠲᠥᠷᠥᠯ ᠵᠦᠢᠯ ᠤᠨ ᠪᠠᠶᠢᠭᠤᠯᠤᠯᠲᠠ ᠪᠠᠷ ᠳᠡᠮᠵᠢᠨ᠂ ᠳᠡᠭᠡᠷ᠎ᠡ ᠬᠤᠷᠤᠭ᠎ᠠ ᠪᠠᠯᠭᠠᠰᠤ ᠶᠢᠨ ᠲᠦᠬᠦᠭᠡᠷᠤᠮᠵᠢᠲᠦ ᠲᠥᠪᠡᠳ ᠬᠠᠰᠢ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠦᠲᠦᠮᠵᠢᠲᠡᠶ ᠠᠬᠢᠭᠤᠯᠵᠤ᠂ ᠲᠦᠬᠦᠭᠡᠷᠤᠮᠵᠢᠲᠦ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ 5700 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ  ᠮᠧᠩ ᠰᠥᠩ ᠵᠢᠮᠢᠰ ᠨᠣᠭᠤᠭ᠎ᠠ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ 2800 ᠲᠦᠮᠡᠨ ᠵᠢᠩ ᠵᠢᠮᠢᠰ ᠨᠣᠭᠤᠭ᠎ᠠ ᠶᠢᠨ ᠪᠦᠲᠦᠭᠡᠭᠳᠡᠬᠦᠨ ᠪᠣᠯᠪᠠᠰᠤᠷᠠᠭᠤᠯᠵᠤ᠂ ᠡᠭᠦᠨ ᠳᠤ ᠲᠥᠪᠡᠳ ᠬᠠᠰᠢ ᠶᠢᠨ ᠰᠢᠭᠦᠰᠦ 700 ᠲᠦᠮᠡᠨ ᠵᠢᠩ ᠪᠠᠶᠢᠵᠤ᠂ ᠲᠣᠰ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠶᠢ ᠡᠨᠡ ᠵᠢᠯ ᠤᠨ 4 ᠰᠠᠷ᠎ᠠ ᠶᠢᠨ ᠡᠬᠢ ᠪᠠᠷ ᠡᠬᠢᠯᠡᠭᠦᠯᠦᠨ᠎ᠡ᠃ 5500 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠯᠢᠦ ᠹᠧᠩ ᠢᠳᠡᠰᠢᠨ ᠨᠣᠭᠤᠭᠠᠨ ᠤ ᠴᠢᠬᠢ ᠵᠢᠴᠢ ᠤᠷᠭᠤᠮᠠᠯ ᠤᠨ ᠡᠰᠢ ᠨᠠᠪᠴᠢ ᠶᠢᠨ ᠮᠢᠺᠷᠣᠪ ᠤᠨ ᠢᠰᠬᠡᠭᠰᠡᠨ ᠪᠣᠷᠳᠣᠭᠠᠨ ᠤ ᠠᠵᠤ ᠦᠶᠢᠯᠡᠰᠵᠢᠭᠦᠯᠦᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ ᠢᠳᠡᠰᠢᠨ ᠨᠣᠭᠤᠭᠠᠨ ᠤ ᠴᠢᠬᠢ ᠵᠢᠴᠢ ᠤᠷᠭᠤᠮᠠᠯ ᠤᠨ ᠡᠰᠢ ᠨᠠᠪᠴᠢ ᠶᠢ 20 ᠲᠦᠮᠡᠨ ᠲᠣᠨ ᠰᠢᠢᠳᠪᠦᠷᠢᠯᠡᠵᠦ᠂ ᠲᠥᠪᠡᠳ ᠬᠠᠰᠢ ᠶᠢᠨ ᠴᠢᠬᠢ ᠶᠢ ᠣᠪᠣᠭᠠᠯᠠᠵᠤ ᠲᠠᠯᠪᠢᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠲᠥᠷᠥᠯ ᠵᠦᠢᠯ ᠤᠨ ᠪᠡᠯᠡ ᠮᠥᠩᠭᠦ ᠶᠢ 3500 ᠲᠦᠮᠡᠨ ᠲᠥᠭᠦᠷᠢᠭ ᠣᠯᠬᠤ ᠪᠠᠷ ᠴᠢᠷᠮᠠᠶᠢᠵᠤ᠂ ᠣᠶᠤᠨᠴᠢ ᠲᠠᠷᠢᠶᠠᠯᠠᠩ ᠤᠨ ᠰᠤᠳᠤᠯᠭᠠᠨ ᠤ ᠲᠥᠷᠥᠯ ᠵᠦᠢᠯ ᠢ ᠬᠡᠷᠡᠭᠵᠢᠭᠦᠯᠦᠨ᠂ ᠲᠠᠷᠢᠶᠠᠯᠠᠩ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号