ᠨᠢᠩᠴᠧᠩ ᠰᠢᠶᠠᠨ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2024/3/6
 ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠢᠩᠴᠧᠩ ᠰᠢᠶᠠᠨ ᠳᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ︾ ᠶᠢᠨ ᠴᠣᠯᠠ ᠣᠯᠭᠤᠪᠠ᠃ ᠣᠶᠢᠷ᠎ᠠ ᠶᠢᠨ ᠵᠢᠯ ᠳᠤ᠂ ᠨᠢᠩᠴᠧᠩ ᠰᠢᠶᠠᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠵᠠᠪᠰᠠᠷ ᠢ ᠨᠢ ᠦᠵᠡᠵᠦ ᠨᠣᠭᠤᠭᠠᠷᠠᠭᠤᠯᠬᠤ ᠠᠷᠭ᠎ᠠ ᠬᠡᠯᠪᠡᠷᠢ ᠶᠢ ᠠᠪᠴᠤ᠂ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠣᠵᠢᠭᠤᠯᠬᠤ ᠵᠢᠱᠢᠶ᠎ᠡ ᠦᠵᠡᠭᠦᠯᠬᠦ ᠲᠣᠰᠬᠤᠨ ᠵᠡᠷᠭᠡ ᠢᠨᠵᠧᠨᠧᠷᠢᠩ ᠤᠨ ᠪᠠᠶᠢᠭᠤᠯᠤᠯᠲᠠ ᠶᠢ ᠬᠡᠷᠡᠭᠵᠢᠭᠦᠯᠵᠦ᠂ ᠬᠤᠳᠠ ᠶᠢᠨ ᠲᠣᠭᠤᠷᠢᠭ ᠤᠨ ᠵᠡᠭᠡᠯᠢ ᠭᠤᠳᠤᠮᠵᠢ᠂ ᠵᠠᠰᠠᠮᠠᠯ ᠵᠠᠮ ᠳᠠᠭᠠᠤ᠂ ᠬᠤᠳᠠ ᠪᠠᠯᠭᠠᠰᠤᠨ ᠤ ᠡᠷᠬᠢᠨ ᠲᠣᠭᠤᠷᠢᠨ ᠤ ᠨᠣᠭᠤᠭᠠᠷᠠᠭᠤᠯᠵᠤ ᠭᠤᠶᠣᠵᠢᠭᠤᠯᠬᠤ ᠶᠢ ᠪᠡᠶᠡᠯᠡᠭᠦᠯᠵᠡᠢ᠃ ᠣᠲᠣ ᠪᠣᠯᠲᠠᠯ᠎ᠠ᠂ ᠬᠤᠲᠠ ᠶᠢᠨ ᠲᠣᠭᠤᠷᠢᠭ ᠤᠨ ᠵᠦᠯᠭᠡ ᠭᠠᠵᠠᠷ ᠤᠨ ᠶᠡᠷᠦᠩᠬᠡᠢ ᠲᠠᠯᠠᠪᠠᠶ 765.3 ᠾᠧᠺᠲ᠋ᠠᠷ ᠲᠤ ᠬᠦᠷᠴᠦ᠂ ᠵᠦᠯᠭᠡ ᠭᠠᠵᠠᠷ ᠤᠨ ᠨᠣᠷᠮ᠎ᠠ 38% ᠬᠦᠷᠴᠦ᠂ ᠣᠶ ᠮᠣᠳᠣᠨ ᠤ ᠪᠦᠷᠬᠦᠴᠡ 42% ᠬᠦᠷᠴᠦ᠂ ᠴᠡᠴᠡᠷᠯᠢᠭ ᠤᠨ ᠵᠦᠯᠭᠡ ᠭᠠᠵᠠᠷ 212.77 ᠾᠧᠺᠲ᠋ᠠᠷ ᠬᠦᠷᠴᠦ᠂ ᠬᠥᠮᠥᠨ ᠳᠤᠮᠳᠠᠴᠢ ᠶᠢᠨ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠶ 15.09 ᠲᠡᠭᠰᠢ ᠳᠥᠷᠪᠡᠯᠵᠢᠨ ᠮᠧᠲᠷ ᠲᠤ ᠬᠦᠷᠴᠦ᠂ ᠵᠠᠮ ᠪᠠ ᠭᠤᠣᠯ ᠤᠨ ᠵᠠᠮ ᠤᠨ ᠨᠣᠭᠤᠭᠠᠷᠠᠭᠤᠯᠤᠯᠲᠠ ᠶᠢᠨ ᠨᠣᠷᠮ᠎ᠠ ᠴᠥᠮ 80% ᠠᠴᠠ ᠳᠡᠭᠡᠭᠰᠢ ᠬᠦᠷᠴᠦ᠂ ᠣᠶ ᠰᠢᠭᠤᠢ ᠶᠢᠨ ᠪᠦᠷᠬᠦᠴᠡ 49.82% ᠬᠦᠷᠴᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号