| | ᠨᠢᠭᠡ ᠳᠤ᠂︽ᠬᠠᠯᠠᠭᠤᠨ ᠳᠣᠲᠣᠨᠣ ᠬᠠᠯᠠᠮᠵᠢᠯᠠᠯ ᠤᠨ ᠵᠠᠮ︾ ᠢ ᠨᠡᠭᠡᠭᠡᠵᠦ᠂ ᠡᠷᠬᠢᠨ ᠦᠵᠡᠵᠦ ᠲᠣᠬᠤᠨᠢᠭᠤᠯᠬᠤ ᠨᠢ ᠦᠨᠡᠨ | ᠰᠡᠳᠬᠢᠯᠭᠡ ᠪᠠᠨ ᠢᠯᠡᠷᠡᠭᠦᠯᠦᠨ᠎ᠡ᠃ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠨᠢᠩᠴᠧᠩ ᠰᠢᠶᠠᠨ ᠤ ᠴᠡᠷᠢᠭ ᠤᠨ | ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ ᠲᠣᠪᠴᠢᠶ᠎ᠠ︽ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠦ᠂ ᠦᠨᠡᠨ | ᠰᠡᠳᠬᠢᠯᠭᠡ ᠶᠢᠨ ᠬᠠᠯᠠᠮᠵᠢᠯᠠᠯ ᠬᠥᠮᠥᠰ ᠤᠨ ᠰᠡᠳᠬᠢᠯ ᠢ ᠳᠤᠯᠠᠭᠠᠴᠠᠭᠤᠯᠤᠶ᠎ᠠ︾ᠭᠡᠬᠦ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠪᠣᠯᠣᠨ ᠨᠠᠮ ᠤᠨ ᠭᠡᠰᠢᠭᠦᠨ | ᠺᠠᠳ᠋ᠷ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠣᠯᠣᠨ ᠬᠠᠮᠲᠤ ᠶᠢᠨ ᠮᠡᠨᠳᠦᠴᠢᠯᠡᠯ ᠢ ᠠᠪᠴᠤ᠂ ᠨᠤᠲᠤᠭ ᠲᠠᠭᠠᠨ | ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ᠂ ᠴᠡᠷᠢᠭ ᠤᠨ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ | ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠵᠡᠷᠭᠡ ᠭᠤᠣᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ | 82 ᠬᠥᠮᠥᠨ ᠢ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ | ᠬᠤᠶᠠᠷ ᠲᠤ ︽ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠪᠦᠰᠡ︾ ᠶᠢ ᠬᠤᠯᠪᠣᠵᠤ᠂ ᠵᠡᠮᠳᠡᠭ ᠴᠡᠷᠢᠭ ᠢ | ᠬᠠᠯᠠᠮᠵᠢᠯᠠᠨ ᠬᠠᠶᠢᠷᠠᠯᠠᠵᠤ ᠬᠠᠶᠢᠷᠠᠯᠠᠨ ᠬᠠᠯᠠᠮᠵᠢᠯᠠᠨ᠎ᠠ᠃ ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠳ ᠢ ᠪᠥᠬᠦ | ᠲᠠᠯ᠎ᠠ ᠪᠠᠷ ᠡᠷᠦᠬᠡ ᠳᠤ ᠣᠷᠣᠵᠤ ᠰᠤᠷᠪᠤᠯᠵᠢᠯᠠᠬᠤ ᠪᠠᠷ ᠳᠠᠮᠵᠢᠭᠤᠯᠤᠨ᠂ ᠲᠡᠳᠡᠨ ᠤ ᠪᠡᠶ᠎ᠡ ᠶᠢᠨ ᠪᠠᠶᠢᠳᠠᠯ ᠪᠠ ᠬᠦᠰᠡᠯ | ᠱᠠᠭᠠᠷᠳᠠᠯᠭ᠎ᠠ ᠶᠢ ᠨᠠᠷᠢᠨ ᠣᠶᠢᠯᠠᠭᠠᠭᠰᠠᠨ ᠪᠥᠭᠡᠳ ᠪᠡᠶ᠎ᠡ ᠶᠢᠨ ᠠᠳᠠᠯᠢ ᠪᠤᠰᠤ ᠪᠠᠶᠢᠳᠠᠯ ᠢ ᠦᠨᠳᠦᠰᠦᠯᠡᠨ | ᠵᠣᠬᠢᠴᠠᠩᠭᠤᠢ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠭᠤᠶᠤᠴᠢᠯᠠᠭᠰᠠᠨ ᠪᠠᠶᠢᠨ᠎ᠠ᠃ ᠨᠢᠩᠴᠧᠩ ᠰᠢᠶᠠᠨ ᠤ | ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠢ ᠡᠯ᠎ᠡ ᠰᠢᠶᠠᠩ ᠪᠠᠯᠭᠠᠰᠤᠨ ᠤ | ᠦᠢᠯᠡᠴᠢᠯᠡᠭᠡᠨ ᠤ ᠥᠷᠲᠡᠭᠡ ᠲᠠᠢ ᠬᠠᠮᠲᠤᠷᠠᠨ᠂ ᠭᠡᠷ ᠡᠷᠦᠬᠡ ᠳᠤ ᠬᠦᠷᠴᠦ ᠡᠷᠡᠭᠦᠯᠵᠢᠯ ᠤᠨ ᠲᠤᠰᠠᠯᠠᠬᠤ ᠪᠠᠭᠠᠵᠢ | ᠬᠡᠷᠡᠭᠰᠡᠯ ᠢ ᠵᠡᠮᠳᠡᠭ ᠴᠡᠷᠢᠭ ᠤᠨ ᠬᠥᠮᠥᠨ ᠤ ᠭᠠᠷ ᠲᠤ ᠬᠦᠷᠭᠡᠵᠦ ᠥᠭᠴᠡᠢ᠃ ᠲᠣᠰ ᠤᠳᠠᠭᠠᠨ ᠤ ᠲᠠᠷᠬᠠᠭᠠᠭᠰᠠᠨ | ᠲᠤᠰᠠᠯᠠᠬᠤ ᠪᠠᠭᠠᠵᠢ ᠳᠤ ᠭᠤᠷᠪᠠᠨ ᠬᠦᠷᠳᠦᠲᠦ ᠭᠠᠷ ᠢᠶᠠᠷ ᠡᠷᠭᠢᠭᠦᠯᠬᠦ ᠬᠦᠷᠳᠦᠲᠦ ᠰᠠᠨᠳᠠᠯᠢ᠂ ᠪᠦᠰᠡᠯᠡᠭᠦᠷ ᠤᠨ | ᠵᠠᠰᠠᠷᠠᠭᠤᠷ᠂ ᠬᠠᠷᠢᠮᠠᠬᠠᠢ ᠴᠢᠨᠠᠷᠲᠠᠢ ᠪᠦᠰᠡᠯᠡᠭᠦᠷ ᠤᠨ ᠲᠣᠭᠤᠷᠢᠭ ᠵᠡᠷᠭᠡ ᠪᠣᠶ᠂ ᠨᠡᠶᠢᠲᠡ 25 ᠵᠦᠢᠯ ︵ᠢᠵᠢ︶ ᠪᠣᠶ | ᠃ ᠠᠵᠢᠯᠲᠠᠳ ᠵᠡᠮᠳᠡᠭ ᠴᠡᠷᠢᠭ ᠤᠨ ᠬᠥᠮᠥᠨ ᠵᠢᠴᠢ ᠬᠢᠨᠠᠨ ᠬᠠᠮᠠᠭᠠᠯᠠᠭᠴᠢ ᠳᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ | ᠪᠠ ᠠᠩᠬᠠᠷᠬᠤ ᠵᠦᠢᠯᠡᠰ ᠢ ᠨᠠᠷᠢᠨ ᠲᠠᠨᠢᠯᠴᠠᠭᠤᠯᠤᠭᠰᠠᠨ ᠤ ᠬᠠᠮᠲᠤ ᠵᠢᠱᠢᠶ᠎ᠡ ᠦᠵᠡᠭᠦᠯᠬᠦ ᠠᠵᠢᠯᠯᠠᠭ᠎ᠠ ᠬᠢᠵᠦ᠂ ᠵᠡᠮᠳᠡᠭ | ᠴᠡᠷᠢᠭ ᠤᠨ ᠬᠥᠮᠥᠨ ᠵᠢᠴᠢ ᠬᠢᠨᠠᠨ ᠬᠠᠮᠠᠭᠠᠯᠠᠭᠴᠢ ᠶᠢᠨ ᠪᠣᠯᠪᠠᠰᠤᠷᠠᠩᠭᠤᠢ ᠬᠡᠷᠡᠭᠯᠡᠬᠦ ᠶᠢ ᠦᠨᠡᠨ ᠬᠦ ᠪᠠᠲᠤᠯᠠᠪᠠ᠃ | ᠭᠤᠷᠪᠠ ᠳᠤ᠂︽ᠰᠡᠳᠬᠢᠯ ᠢ ᠳᠤᠯᠠᠭᠠᠴᠠᠭᠤᠯᠬᠤ ᠰᠠᠶᠢᠨ ᠳᠤᠷ᠎ᠠ ᠶᠢᠨ ᠪᠦᠯᠬᠦᠮ︾ ᠢ ᠪᠠᠶᠢᠭᠤᠯᠵᠤ᠂ ᠤᠯᠠᠮᠵᠢᠯᠠᠯᠲᠤ | ᠰᠠᠶᠢᠬᠠᠨ ᠰᠤᠷᠲᠠᠯ ᠢ ᠪᠠᠳᠠᠷᠠᠭᠤᠯᠵᠤ ᠠᠷᠠᠳ ᠤᠨ ᠰᠡᠳᠬᠢᠯ ᠳᠤ ᠬᠠᠳᠠᠩᠰᠢᠭᠤᠯᠤᠨ᠎ᠠ᠃ ᠨᠢᠩᠴᠧᠩ ᠰᠢᠶᠠᠨ ᠤ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠦᠬᠦ ᠺᠠᠳ᠋ᠷ ᠠᠵᠢᠯᠲᠠᠳ ᠢ ᠵᠣᠬᠢᠶᠠᠨ | ᠪᠠᠶᠢᠭᠤᠯᠵᠤ ᠨᠢᠩᠴᠧᠩ ᠰᠢᠶᠠᠨ ᠤ ᠢᠷᠠᠭᠤ ᠠᠯᠳᠠᠷ ᠤᠨ ᠬᠦᠷᠢᠶᠡᠯᠡᠩ ᠳᠤ ᠬᠦᠷᠴᠦ ᠰᠢᠨ᠎ᠡ ᠴᠠᠭ ᠦᠶ᠎ᠡ ᠶᠢᠨ | ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠰᠠᠶᠢᠨ ᠳᠤᠷ᠎ᠠ | ᠶᠢᠨ ᠠᠵᠢᠯᠯᠠᠭᠰᠠᠳ ᠭᠤᠸᠠᠩ ᠷᠦᠩ ᠶᠤᠸᠠᠨ ᠬᠦᠷᠢᠶᠡᠯᠡᠩ ᠤᠨ 7 ᠨᠠᠰᠤᠲᠠᠨ ᠳᠤ ᠣᠷᠣ ᠳᠡᠪᠢᠰᠬᠡᠷ ᠢ ᠨᠢ ᠲᠡᠭᠰᠢᠯᠡᠨ | ᠥᠭᠴᠦ᠂ ᠭᠡᠷ ᠪᠠᠶᠢᠰᠢᠩ ᠢ ᠨᠢ ᠴᠡᠪᠡᠷᠯᠡᠵᠦ᠂ ᠲᠠᠬᠢᠶᠠᠨ ᠥᠨᠳᠡᠭᠡ᠂ ᠦᠨᠢᠶᠡᠨ ᠰᠦ᠋ ᠪᠣᠯᠣᠨ ᠵᠢᠮᠢᠰ ᠵᠡᠷᠭᠡ ᠪᠡᠯᠡᠭ | ᠬᠦᠷᠭᠡᠵᠦ᠂ ᠲᠡᠳᠡᠨ ᠳᠤ ᠳᠣᠲᠣᠨᠣ ᠮᠡᠨᠳᠦᠴᠢᠯᠡᠯ ᠬᠦᠷᠭᠡᠪᠡ᠃ ᠰᠠᠶᠢᠨ ᠳᠤᠷ᠎ᠠ ᠶᠢᠨ ᠠᠵᠢᠯᠯᠠᠭᠴᠢᠳ | ᠨᠠᠰᠤᠲᠠᠶᠢᠴᠤᠳ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠪᠡᠶ᠎ᠡ ᠮᠠᠬᠠᠪᠤᠳ ᠤᠨ | ᠪᠠᠶᠢᠳᠠᠯ ᠢ ᠣᠶᠢᠯᠠᠭᠠᠵᠤ᠂ ᠲᠡᠳᠡᠨ ᠤ ᠥᠪᠡᠷ ᠤᠨ ᠥᠩᠭᠡᠷᠡᠯᠲᠡ ᠪᠠᠨ ᠶᠠᠷᠢᠬᠤ ᠶᠢ ᠰᠣᠨᠣᠰᠴᠤ᠂ ᠲᠡᠳᠡᠨ ᠳᠤ ᠲᠠᠯᠠᠷᠬᠠᠯ | ᠪᠠ ᠬᠦᠨᠳᠦᠳᠬᠡᠯ ᠪᠢᠰᠢᠷᠡᠯ ᠤᠨ ᠰᠡᠳᠬᠢᠯᠭᠡ ᠪᠠᠨ ᠢᠯᠡᠳᠬᠡᠭᠰᠡᠨ ᠪᠠᠶᠢᠨ᠎ᠠ᠃ | |