ᠨᠢᠩᠴᠧᠩ ᠰᠢᠶᠠᠨ ︽ᠯᠧᠢ ᠹᠧᠩ ᠠᠴᠠ ᠰᠤᠷᠤᠯᠴᠠᠵᠤ · ᠪᠣᠯᠪᠠᠰᠤᠨ ᠢᠶᠠᠷ ᠦᠢᠯᠡᠳᠦᠯᠭᠡᠵᠢᠭᠦᠯᠬᠦ ᠠᠵᠢᠯᠯᠠᠭ᠎ᠠ︾ ᠭᠡᠬᠦ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2024/3/7
 3 ᠰᠠᠷ᠎ᠠ ᠶᠢᠨ 5 ᠤ ᠡᠳᠦᠷ᠂ ᠨᠢᠩᠴᠧᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠨᠢᠭᠡᠴᠡ᠂ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠣᠯᠠᠨ ᠬᠡᠯᠪᠡᠷᠢ ᠶᠢᠨ ︽ᠯᠧᠢ ᠹᠧᠩ ᠠᠴᠠ ᠰᠤᠷᠤᠯᠴᠠᠵᠤ · ᠪᠣᠯᠪᠠᠰᠤᠨ ᠢᠶᠠᠷ ᠦᠢᠯᠡᠳᠦᠯᠭᠡᠵᠢᠭᠦᠯᠬᠦ ᠠᠵᠢᠯᠯᠠᠭ᠎ᠠ︾ ᠭᠡᠬᠦ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠥᠬᠦ ᠠᠷᠠᠳ ᠢᠶᠠᠷ ᠢᠶᠠᠨ ᠯᠧᠢ ᠹᠧᠩ ᠠᠴᠠ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠡᠯ᠎ᠡ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠰᠠᠶᠢᠨ ᠲᠤᠷᠠᠴᠤᠳ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠪᠣᠯᠪᠠᠰᠤᠨ ᠢᠶᠠᠷ ᠢᠳᠬᠠᠨ ᠰᠤᠷᠭᠠᠬᠤ᠂ ᠬᠡᠪᠯᠡᠯ ᠤᠨ ᠡᠷᠬᠡ ᠶᠢᠨ ᠤᠬᠠᠮᠰᠠᠷ ᠢ ᠪᠣᠶ ᠪᠣᠯᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠣᠷᠴᠢᠨ ᠠᠬᠤᠢ ᠶᠢᠨ ᠪᠠᠶᠢᠭᠤᠯᠤᠯᠲᠠ ᠶᠢ ᠲᠦᠭᠡᠮᠡᠯᠵᠢᠭᠦᠯᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠰᠠᠭᠤᠭᠠᠯᠢ ᠠᠷᠠᠳ ᠤᠨ ᠨᠢᠭᠡᠳᠦᠯᠲᠡᠢ ᠰᠠᠶᠢᠨ ᠦᠨᠡᠯᠡᠯᠲᠡ ᠶᠢ ᠤᠯᠪᠠ᠃ ᠣᠲᠣ ᠪᠣᠯᠲᠠᠯ᠎ᠠ ᠂ ᠲᠣᠰ ᠤᠳᠠᠭᠠᠨ ᠤ ︽ᠯᠧᠢ ᠹᠧᠩ ᠠᠴᠠ ᠰᠤᠷᠤᠯᠴᠠᠵᠤ · ᠪᠣᠯᠪᠠᠰᠤᠨ ᠢᠶᠠᠷ ᠦᠢᠯᠡᠳᠦᠯᠭᠡᠵᠢᠭᠦᠯᠬᠦ ᠠᠵᠢᠯᠯᠠᠭ᠎ᠠ︾ ᠭᠡᠬᠦ ᠭᠤᠣᠯ ᠰᠡᠳᠦᠪᠲᠦ ᠰᠢᠷᠢᠰ ᠠᠵᠢᠯᠯᠠᠭ᠎ᠠ ᠳᠤ ᠨᠡᠶᠢᠲᠡ 70 ᠭᠠᠷᠤᠢ ᠰᠢᠶᠠᠩ ᠪᠠᠯᠭᠠᠰᠤ᠂ ᠨᠢᠭᠡᠴᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠣᠷᠣᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 100 ᠭᠠᠷᠤᠢ ᠤᠳᠠᠭ᠎ᠠ ᠥᠷᠨᠢᠭᠦᠯᠵᠦ᠂ 7000 ᠭᠠᠷᠤᠢ ᠬᠥᠮᠥᠨ ᠳᠤ ᠠᠰᠢᠭ ᠬᠦᠷᠲᠡᠭᠡᠵᠦ᠂ ᠪᠥᠬᠦ ᠠᠷᠠᠳ ᠢᠶᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠥᠮᠥᠨ ᠪᠦᠬᠦᠨ ᠪᠣᠯᠪᠠᠰᠤᠨ ᠤ ᠦᠢᠯᠡᠳᠦᠯᠭᠡ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号