2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/7
— 2024 ᠣᠨ ᠤ 1 ᠰᠠᠷ᠎ᠠ ᠶᠢᠨ 15 ᠤ ᠡᠳᠦᠷ ᠨᠢᠩᠴᠧᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ      ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠠᠩ ᠬᠠᠢ ᠰᠢᠤᠸᠠᠨᠲᠥᠯᠥᠭᠡᠯᠡᠭᠴᠢᠳ ᠠ᠋᠄  ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠤᠷᠤᠯᠴᠠᠬᠰᠠᠳ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ 2023 ᠣᠨ ᠤ ᠠᠵᠢᠯ ᠤᠨ ᠡᠷᠭᠢᠴᠡᠭᠦᠯᠦᠯ  2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠬᠰᠠᠨ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠭᠰᠡᠨ ᠤ ᠳᠠᠷᠠᠭᠠᠬᠢ ᠠᠵᠤ ᠠᠬᠤᠢ ᠶᠢ ᠰᠡᠷᠭᠦᠭᠡᠨ ᠬᠥᠭᠵᠢᠭᠦᠯᠬᠦ‍ ᠨᠢᠭᠡ ᠵᠢᠯ ᠮᠥᠨ᠃ ᠰᠢᠶᠠᠨ ᠤ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠠᠪᠤᠨ ᠶᠡᠭᠡ ᠡᠭᠦᠷᠭᠡ︾  ᠶᠢ ᠰᠠᠶᠢᠲᠤᠷ ᠬᠢᠬᠦ ᠪᠠ ︽ᠵᠢᠱᠢᠶᠡᠴᠢ ᠦᠪᠡᠷᠲᠡᠭᠡᠨ ᠵᠠᠰᠠᠬᠤ ᠤᠷᠤᠨ︾  ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢᠶᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠪᠦᠲᠦᠴᠡ ᠳᠤ ᠲᠣᠬᠢᠷᠠᠭᠤᠯᠤᠯᠲᠠ ᠬᠢᠵᠦ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠲᠣᠭᠲᠠᠭᠤᠨ ᠢ ᠪᠠᠲᠤᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃  ᠨᠢᠭᠡ ᠵᠢᠯ ᠤᠨ ᠲᠤᠷᠰᠢ᠂ ᠪᠢᠳᠡ ᠳᠠᠷᠤᠯᠲᠠ ᠶᠢ ᠳᠠᠭᠠᠭᠠᠨ ᠤᠷᠤᠭᠰᠢᠯᠠᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠠᠵᠤ ᠠᠬᠤᠢ ᠶᠢᠨ ᠠᠵᠢᠯᠯᠠᠭᠠᠨ ᠰᠠᠶᠢᠵᠢᠷᠠᠯᠲᠠ ᠲᠠᠢ ᠪᠣᠯᠵᠠᠢ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠢᠳᠡᠪᠬᠢᠲᠡᠢ ᠪᠠᠷ ᠠᠷᠭᠠᠴᠠᠵᠤ᠂ ᠰᠠᠷ᠎ᠠ ᠪᠦᠷᠢ ᠲᠣᠬᠢᠷᠠᠭᠤᠯᠬᠤ᠂ ᠤᠯᠠᠷᠢᠯ ᠪᠦᠷᠢ ᠵᠠᠳᠠᠯᠤᠯᠲᠠ ᠬᠢᠬᠦ᠂ ᠭᠤᠣᠯᠳᠠᠯᠭ᠎ᠠ ᠲᠠᠢ ᠵᠦᠢᠯᠡᠰ ᠢ ᠬᠠᠮᠢᠶᠠᠷᠴᠤ ᠦᠢᠯᠡᠴᠢᠯᠡᠬᠦ᠂ ᠭᠤᠣᠯᠳᠠᠯᠭ᠎ᠠ ᠲᠠᠢ ᠠᠵᠤ ᠠᠬᠤᠶᠢᠯᠠᠯ ᠢ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠭᠤᠣᠯᠳᠠᠯᠭ᠎ᠠ ᠲᠠᠢ ᠠᠵᠢᠯ ᠢ ᠲᠤᠰᠬᠠᠢ ᠠᠩᠭᠢ ᠪᠠᠷ ᠲᠦᠯᠬᠢᠨ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 220.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 83 ᠳ᠋ᠦᠩᠰᠢᠭᠤᠷ ᠲᠥᠭᠦᠷᠢᠭ ᠪᠡᠶᠡᠯᠡᠭᠦᠯᠵᠦ᠂ 21.7% ᠪᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 9.7% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ 48.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5% ᠪᠠᠷ ᠨᠡᠮᠡᠭᠳᠡᠪᠡ᠃ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 41949 ᠲᠥᠭᠦᠷᠢᠭ ᠪᠠ 17659 ᠲᠥᠭᠦᠷᠢᠭ ᠲᠤ ᠬᠦᠷᠴᠦ᠂ ᠲᠤᠰ ᠲᠤᠰ 9% ᠪᠠ 10% ᠪᠠᠷ ᠨᠡᠮᠡᠭᠳᠡᠪᠡ᠃ ᠲᠣᠭᠲᠠᠭᠤᠨ ᠢᠶᠠᠷ ᠨᠡᠮᠡᠭᠳᠡᠭᠦᠯᠬᠦ ᠳᠤ ᠦᠵᠡᠭᠦᠯᠬᠦ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠵᠢᠯ ᠳᠤ ᠨᠡᠶᠢᠲᠡ 80 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 134.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ ᠲᠥᠷᠥᠯ ᠵᠦᠢᠯ ᠨᠡᠶᠢᠲᠡ 101 ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 263.7 ᠳ᠋ᠦᠩᠰᠢᠭᠤᠷ ᠲᠥᠭᠦᠷᠢᠭ᠂ ᠨᠢᠭᠡᠳᠬᠡᠯ ᠳᠤ ᠣᠷᠣᠭᠤᠯᠬᠤ ᠲᠥᠷᠥᠯ ᠵᠦᠢᠯ 57 ᠪᠠᠶᠢᠵᠤ᠂ 52.7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ ᠶᠡᠷᠦᠩᠬᠡᠢ ᠪᠡᠯᠡ ᠣᠷᠣᠭᠤᠯᠤᠯᠲᠠ ᠨᠢ 3.9 ᠳ᠋ᠦᠩᠰᠢᠭᠤᠷ ᠲᠥᠭᠦᠷᠢᠭ ᠲᠤ ᠬᠦᠷᠦᠭᠰᠡᠨ 10 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠥᠮ ᠲᠠᠰ ᠳᠠᠷᠠᠭᠠᠯᠠᠯ ᠲᠠᠢ ᠴᠠᠭ ᠲᠤᠨᠢ ᠪᠡᠶᠡᠯᠡᠭᠦᠯᠪᠡ᠃ ᠳᠡᠭᠡᠳᠦ ᠱᠠᠲᠤᠨ ᠤ ᠡᠯ᠎ᠡ ᠲᠥᠷᠥᠯ ᠤᠨ ᠲᠥᠷᠥᠯ ᠵᠦᠢᠯ ᠤᠨ ᠪᠠᠶᠢᠭᠤᠯᠤᠯᠲᠠ ᠵᠢᠴᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠨᠡᠶᠢᠲᠡ 8.4 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠨᠥᠭᠡᠴᠡ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠤᠨ ᠲᠥᠷᠥᠯ ᠵᠦᠢᠯ ᠢ 37 ᠲᠥᠯᠥᠪᠯᠡᠵᠦ᠂ ᠨᠡᠶᠢᠲᠡ 30.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃  ᠨᠢᠭᠡ ᠵᠢᠯ ᠤᠨ ᠲᠤᠷᠰᠢ᠂ ᠪᠢᠳᠡ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠶᠢ ᠴᠢᠩᠭᠠᠳᠬᠠᠨ ᠦᠷ᠎ᠡ ᠠᠰᠢᠭ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠣᠭᠲᠠᠭᠤᠨ ᠢᠶᠠᠷ ᠠᠬᠢᠭᠤᠯᠪᠠ᠃ ᠠᠮᠤ ᠪᠤᠳᠠᠭᠠᠨ ᠤ ᠤᠨᠠᠯᠲᠠ ᠵᠢᠱᠢᠯᠲᠡ ᠪᠠᠷ 17.7 ᠳ᠋ᠦᠩᠰᠢᠭᠤᠷ ᠵᠢᠩ ᠳᠤ ᠬᠦᠷᠴᠦ᠂ ᠤᠯᠤᠰ ᠤᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠶᠢ ᠠᠵᠤ ᠦᠶᠢᠯᠡᠰᠵᠢᠭᠦᠯᠬᠦ ᠲᠤᠷᠰᠢᠯᠲᠠ ᠶᠢᠨ ᠴᠢᠭ᠋ ᠤᠨ ᠡᠭᠦᠷᠭᠡ ᠶᠢ 44.3 ᠲᠦᠮᠡᠨ ᠮᠦ ᠨᠠᠶᠢᠳᠠᠪᠤᠷᠢᠵᠢᠭᠤᠯᠪᠠ᠃ ᠪᠥᠬᠦ ᠬᠤᠲᠠ ᠳᠤ ᠤᠷᠢᠳᠠᠪᠠᠷ ᠲᠥᠬᠦᠭᠡᠷᠤᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂ 3.7 ᠲᠦᠮᠡᠨ ᠮᠦ ᠬᠠᠭᠤᠴᠢᠨ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠠᠯᠠᠰᠢᠨ ᠦᠬᠡᠷ ᠤᠨ ᠲᠤᠭ᠎ᠠ ᠶᠢ 2 ᠲᠦᠮᠡ ᠰᠢᠨ᠎ᠡ ᠪᠠᠷ ᠨᠡᠮᠡᠭᠳᠡᠭᠦᠯᠵᠦ᠂ 6500 ᠮᠦ ᠵᠢᠮᠢᠰ ᠤᠨ ᠮᠣᠳᠣᠨ ᠤ ᠠᠵᠤ ᠠᠬᠤᠢ ᠶᠢᠨ ᠣᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠪᠡ᠃ ᠳᠡᠭᠡᠷ᠎ᠡ ᠬᠤᠷᠤᠭ᠎ᠠ ᠶᠢᠨ ᠣᠶᠤᠨᠲᠤ ᠲᠠᠷᠢᠶᠠᠯᠠᠩ ᠤᠨ ᠬᠦᠷᠢᠶᠡᠯᠡᠩ ᠤᠨ ᠭᠤᠷᠪᠠᠳᠤᠭᠠᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠱᠠᠨᠳᠦ᠋ᠩ ᠤᠨ ᠸᠠᠩ ᠵᠢᠶᠠᠨ ᠣᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠭᠤᠷᠪᠠᠨ ᠤᠪᠤᠭ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠰᠠᠭᠤᠷᠢᠨ ᠵᠡᠷᠭᠡ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ᠃ ︽ᠨᠢᠩᠴᠧᠩ ᠤᠨ ᠲᠥᠪᠡᠳ ᠬᠠᠰᠢ︾ ︽ᠨᠢᠩᠴᠧᠩ ᠤᠨ ᠠᠯᠮᠤᠷᠠᠳ︾ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢᠶᠠᠷ ᠦᠨᠡᠯᠡᠭᠳᠡᠵᠦ᠂ ︽ᠨᠢᠩᠴᠧᠩ ᠤᠨ ᠰᠠᠶᠢᠨ ᠡᠳ᠋︾ ᠭᠡᠬᠦ ᠪᠡᠭᠡᠵᠢᠩ ᠤᠨ ᠲᠤᠰᠬᠠᠢ ᠲᠠᠨᠢᠯᠴᠠᠭᠤᠯᠭ᠎ᠠ ᠶᠢᠨ ᠬᠤᠷᠠᠯ ᠡᠷᠭᠢᠯᠡᠵᠦ᠂ ︽ᠨᠢᠩᠴᠧᠩ ᠤᠨ ᠵᠢᠮᠢᠰ︾ ᠭᠡᠬᠦ ᠨᠠᠷᠠᠲᠤ ᠲᠡᠮᠳᠡᠭ ᠤᠨ ᠠᠯᠳᠠᠷᠰᠢᠯ ᠢ ᠦᠷᠭᠦᠯᠵᠢᠯᠡᠨ ᠥᠷᠭᠡᠳᠬᠡᠪᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠢᠨᠠᠨ ᠬᠡᠮᠵᠢᠬᠦ ᠡᠲᠡᠭᠡᠳ 53 ᠡᠷᠦᠬᠡ 153 ᠬᠥᠮᠥᠨ ᠢ ᠰᠢᠨ᠎ᠡ ᠪᠠᠷ ᠢᠯᠭᠠᠨ ᠲᠠᠨᠢᠵᠤ᠂ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠪᠦᠬᠦᠨ ᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠪᠠ᠃ ᠪᠡᠯᠡ ᠣᠷᠣᠭᠤᠯᠤᠯᠲᠠ ᠶᠢ ᠵᠣᠯᠭᠠᠭᠤᠯᠬᠤ ᠪᠡᠯᠡ ᠮᠥᠩᠭᠦ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠴᠢᠭ᠋ ᠲᠣᠭᠲᠠᠭᠠᠨ ᠬᠠᠪᠰᠤᠷᠤᠨ ᠲᠡᠳᠬᠦᠬᠦ ᠪᠡᠯᠡ ᠮᠥᠩᠭᠦ 3.6 ᠳ᠋ᠦᠩᠰᠢᠭᠤᠷ ᠲᠥᠭᠦᠷᠢᠭ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠵᠢᠵᠢᠭ ᠬᠡᠯᠪᠡᠷᠢ ᠶᠢᠨ ᠰᠠᠭᠤᠷᠢ ᠪᠡᠯᠡᠳᠬᠡᠮᠵᠢ ᠵᠡᠷᠭᠡ 120 ᠲᠥᠷᠥᠯ ᠵᠦᠢᠯ ᠢ ᠬᠡᠷᠡᠭᠵᠢᠭᠦᠯᠪᠡ᠃ 21 ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 3 ᠪᠠᠯᠭᠠᠰᠤᠨ ᠤ ᠱᠠᠲᠤᠨ ᠤ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠨᠢ ᠬᠤᠳᠠ ᠶᠢᠨ ᠱᠠᠲᠤᠨ ᠤ ᠰᠢᠯᠭᠠᠨ ᠪᠠᠶᠢᠴᠠᠭᠠᠯᠲᠠ ᠶᠢ ᠥᠩᠭᠡᠷᠡᠭᠡᠪᠡ᠃ 9.2 ᠳ᠋ᠦᠩᠰᠢᠭᠤᠷ ᠲᠥᠭᠦᠷᠢᠭ ᠢ ᠪᠡᠯᠡ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠤ 37 ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠵᠦᠢᠯᠡᠰ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ 2977 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠪᠡ᠃ 2023 ᠣᠨ ᠤ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ︽ᠤᠷᠮᠠᠰᠢᠭᠤᠯᠤᠨ ᠵᠣᠷᠢᠭᠵᠢᠭᠤᠯᠬᠤ ᠰᠢᠶᠠᠨ︾ ᠤ ᠢᠷᠠᠭᠤ ᠠᠯᠳᠠᠷ ᠢ ᠬᠦᠷᠳᠡᠪᠡ᠃ ᠨᠢᠭᠡ ᠵᠢᠯ ᠤᠨ ᠲᠤᠷᠰᠢ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠲᠦᠷᠭᠡᠳᠴᠡᠢ᠃ ᠵᠢᠱᠢᠯᠲᠡ ᠪᠠᠷ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 197 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠠᠷ ᠨᠡᠮᠡᠭᠳᠡᠪᠡ᠃ ᠵᠦᠩ ᠲᠠᠩ ᠣᠨᠴᠠ ᠪᠣᠯᠣᠳ ᠲᠡᠮᠦᠷ ᠤᠨ ᠺᠣᠮᠫᠠᠨᠢ ᠶᠢᠨ ᠵᠢᠯ ᠤᠨ ᠭᠠᠷᠤᠯᠲᠠ 370 ᠲᠦᠮᠡᠨ ᠲᠣᠨ ᠳᠤ ᠬᠦᠷᠴᠦ᠂ ᠳ᠋ᠧ ᠹᠧᠩ ᠬᠡᠤᠷᠰᠢᠭᠦᠯᠬᠦ 180 ᠲᠦᠮᠡᠨ ᠲᠣᠨ ᠤ ᠬᠡᠦᠷᠡᠰᠦ ᠶᠢᠨ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠵᠦ᠂ ᠴᠢᠨ ᠹᠧᠩ ᠬᠡᠢ ᠶᠢᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠵᠦᠢᠯᠡᠰ ᠢ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠵᠤ᠂ ᠥᠨᠳᠥᠷ ᠳᠤᠯᠠᠭᠠᠨ ᠭᠡᠳᠤ ᠥᠨᠳᠥᠷ ᠳᠠᠷᠤᠯᠲᠠᠲᠤ ᠨᠡᠭᠦᠷᠡᠰᠦᠨ ᠬᠡᠢ ᠪᠠᠷ ᠴᠠᠬᠢᠯᠭᠠᠨ ᠭᠠᠷᠭᠠᠬᠤ᠂ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ᠂ ᠬᠠᠭᠤᠷᠠᠢ ᠤᠨᠲᠠᠷᠠᠭᠠᠯᠲᠠ ᠪᠠᠷ ᠴᠠᠬᠢᠯᠭᠠᠨ ᠭᠠᠷᠭᠠᠬᠤ᠂ ᠪᠣᠯᠣᠳ ᠤᠨ ᠰᠢᠭᠠᠷᠤ ᠶᠢ ᠨᠠᠷᠢᠯᠢᠭ ᠪᠣᠯᠪᠠᠰᠤᠷᠠᠭᠤᠯᠬᠤ᠂ ᠬᠠᠯᠠᠭᠠᠨ ᠬᠠᠶᠢᠯᠤᠭᠤᠯᠬᠤ ᠳᠠᠷᠤᠯᠲᠠᠲᠤ ᠬᠡᠰᠡᠭ ᠵᠡᠷᠭᠡ ᠨᠢᠭᠡ ᠪᠦᠯᠦᠭ ᠤᠷᠲᠤᠳᠬᠠᠨ ᠬᠡᠯᠬᠢᠶᠡᠵᠢᠭᠦᠯᠬᠦ ᠵᠦᠢᠯᠡᠰ ᠢ ᠪᠦᠬᠦᠨ ᠢ ᠪᠠᠶᠢᠭᠤᠯᠵᠤ ᠳᠠᠭᠤᠰᠬᠠᠪᠠ᠃ ᠱᠠᠨᠳᠦ᠋ᠩ ᠤᠨ ᠵᠦᠸᠧ ᠡᠯ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 2 ᠲᠦᠮᠡᠨ ᠲᠣᠨ ᠰᠠᠤᠷᠢ ᠮᠠᠰᠢᠨ ᠤ ᠴᠢᠳᠬᠤᠮᠠᠯ ᠲᠤᠨᠤᠭ ᠦᠢᠯᠡᠳᠪᠦᠷᠢᠯᠡᠬᠦ᠂ ᠪᠧᠢ ᠳ᠋ᠦᠨ ᠬᠥᠭᠡᠷᠭᠡ ᠶᠢᠨ ᠦᠢᠯᠡᠰ ᠤᠨ ᠵᠢᠯ ᠳᠤ 1 ᠲᠦᠮᠡᠨ ᠲᠣᠨ ᠨᠠᠷᠢᠯᠢᠭ ᠴᠢᠳᠬᠤᠮᠠᠯ ᠲᠤᠨᠤᠭ ᠦᠢᠯᠡᠳᠪᠦᠷᠢᠯᠡᠬᠦ᠂ ᠵᠢᠩ ᠬᠠᠩ ᠺᠣᠮᠫᠠᠨᠢ ᠶᠢᠨ ᠣᠨᠴᠠ ᠨᠡᠭᠦᠷᠡᠰᠦᠲᠥ᠋ᠷᠥᠭᠴᠢ ᠶᠢᠨ ᠵᠢᠯ ᠳᠤ 4000 ᠲᠣᠨ ᠪᠠᠯ ᠴᠢᠯᠠᠭᠤᠨ ᠬᠡᠪ ᠦᠢᠯᠡᠳᠪᠦᠷᠢᠯᠡᠬᠦ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠵᠡᠷᠭᠡ ᠲᠦᠷᠦᠯ ᠵᠦᠢᠯ ᠢ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠪᠠ᠃ ᠬᠤᠸᠠ ᠾᠧᠩ ᠠᠮᠢᠳᠤ ᠪᠣᠳᠠᠰ ᠤᠨ ᠰᠠᠭᠤᠷᠢ ᠮᠠᠲ᠋ᠧᠷᠢᠶᠠᠯ ᠤᠨ ᠲᠦᠷᠦᠯ ᠵᠦᠢᠯ ᠢ ᠲᠤᠰ ᠵᠢᠯ ᠳᠡᠭᠡᠨ ᠠᠵᠢᠯ ᠡᠬᠢᠯᠡᠭᠦᠯᠵᠦ᠂ ᠲᠤᠰ ᠵᠢᠯ ᠳᠡᠭᠡᠨ ᠪᠠᠶᠢᠭᠤᠯᠵᠤ ᠳᠠᠭᠤᠰᠬᠠᠨ᠂ ᠲᠤᠰ ᠵᠢᠯ ᠳᠡᠭᠡᠨ ᠠᠰᠢᠭᠯᠠᠯᠲᠠ ᠳᠤ ᠣᠷᠣᠭᠤᠯᠵᠤ᠂ ᠲᠤᠰ ᠵᠢᠯ ᠳᠡᠭᠡᠨ ᠦᠷ᠎ᠡ ᠪᠦᠲᠦᠮᠵᠢ ᠣᠯᠬᠤ ᠶᠢ ᠪᠡᠶᠡᠯᠡᠭᠦᠯᠪᠡ᠃ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ· ᠨᠢᠩᠴᠧᠩ ᠤᠨ ᠮᠤᠤᠷ ᠤᠨ ᠡᠯᠡᠰᠦᠨ ᠤ ᠠᠵᠤ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ᠨᠢᠩᠴᠧᠩ ᠤᠨ ᠮᠤᠤᠷ ᠤᠨ ᠡᠯᠡᠰᠦᠨ ᠤ ᠠᠵᠢᠯ ᠲᠥᠷᠥᠯ ᠤᠨ ᠨᠡᠶᠢᠭᠡᠮᠯᠢᠭ ᠵᠢᠴᠢ ᠲᠤᠰᠬᠠᠢ ᠮᠡᠷᠭᠡᠵᠢᠯᠲᠡᠨ ᠤ ᠵᠥᠪᠯᠡᠯ ᠢ ᠪᠠᠶᠢᠭᠤᠯᠵᠤ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠲᠣᠬᠢᠷᠠᠭᠤᠯᠤᠨ᠂ ᠭᠠᠵᠠᠷ ᠵᠦᠢ ᠶᠢᠨ ᠲᠡᠮᠳᠡᠭ ᠤᠨ ᠲᠠᠸᠠᠷ ᠤᠨ ᠲᠡᠮᠳᠡᠭ ᠢ ᠳᠠᠩᠰᠠᠯᠠᠬᠤ᠂ ᠬᠦᠪᠰᠦᠭᠡᠷ ᠰᠢᠷᠣᠢ ᠮᠤᠤᠷ ᠤᠨ ᠡᠯᠡᠰᠦᠨ ᠤ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠵᠡᠷᠭᠡ ᠠᠵᠢᠯ ᠢ ᠯᠠᠪᠳᠠᠭᠤᠨ ᠢᠶᠠᠷ ᠠᠬᠢᠭᠤᠯᠵᠤ᠂ ᠰᠢᠩ ᠮᠧᠶ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠪᠰᠦᠭᠡᠷ ᠰᠢᠷᠣᠢ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ 1000 ᠮᠦ ᠭᠠᠵᠠᠷ ᠡᠵᠡᠯᠡᠬᠦ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠵᠦ᠂ ᠪᠡᠭᠡᠵᠢᠩ ᠤᠨ ᠴᠢᠶᠠᠨ ᠰᠢ ᠾᠧ᠂ ᠪᠡᠭᠡᠵᠢᠩ ᠤᠨ ᠵᠢᠢ ᠤᠣ᠂ ᠠᠢ ᠮᠦ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠥᠷᠥᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠲᠢᠶᠠᠨᠵᠢᠨ ᠤ ᠢᠳᠡᠭᠡᠨ ᠤ ᠪᠦᠯᠦᠭᠯᠡᠯ ᠤᠨ ᠪᠥᠬᠦ ᠪᠡᠯᠡ ᠮᠥᠩᠭᠦ ᠪᠠᠷ  ᠳ᠋ᠦᠩ ᠹᠠᠩ ᠸᠠᠨ ᠴᠢ ᠶᠢ ᠳᠠᠬᠢᠨ ᠪᠠᠶᠢᠭᠤᠯᠪᠠ᠃ 7.6 ᠲᠦᠮᠡᠨ ᠺᠢᠯᠣᠸᠠᠲ ᠤᠨ ᠪᠦᠬᠦ ᠰᠢᠶᠠᠨ ᠤ ᠳᠡᠭᠡᠪᠦᠷ ᠤᠨ ᠲᠠᠷᠬᠠᠯᠲᠠ ᠶᠢᠨ ᠮᠠᠶ᠋ᠢᠭ ᠤᠨ ᠭᠡᠷᠡᠯ ᠤᠨ ᠡᠨᠧᠷᠭᠢ ᠶᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠵᠦᠢᠯᠡᠰ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠵᠦᠢᠯᠡᠰ ᠢ ᠠᠵᠢᠯ ᠡᠬᠢᠯᠡᠭᠦᠯᠬᠦ ᠪᠠᠷ ᠵᠥᠪᠰᠢᠶᠡᠷᠡᠪᠡ᠃ 8.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠢᠵᠢ ᠪᠦᠷᠢᠳᠦᠭᠦᠯᠬᠦ᠂ 66 ᠺᠢᠯᠣᠸᠠᠲ ᠤᠨ ᠵᠠᠮ ᠱᠤᠭᠤᠮ ᠢ ᠨᠡᠭᠦᠯᠭᠡᠨ ᠥᠭᠡᠷᠡᠴᠢᠯᠡᠬᠦ ᠵᠡᠷᠭᠡ ᠨᠡᠭᠡᠭᠡᠯᠲᠡ ᠶᠢᠨ ᠲᠣᠭᠤᠷᠢᠭ ᠤᠨ 16 ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ᠃  ᠨᠢᠭᠡ ᠵᠢᠯ ᠤᠨ ᠲᠤᠷᠰᠢ᠂ ᠪᠢᠳᠡ ᠴᠡᠭ ᠢᠶᠠᠷ ᠨᠡᠶᠢᠳᠡᠮ ᠢ ᠳᠠᠶᠢᠴᠢᠯᠠᠵᠤ᠂ ᠪᠠᠭᠲᠠᠭᠠᠮᠵᠢ ᠶᠢ ᠥᠷᠭᠡᠳᠬᠡᠨ ᠲᠠᠩᠰᠠ ᠡᠪᠬᠡᠮᠡᠯ ᠢ ᠳᠡᠭᠡᠭᠰᠢᠯᠡᠭᠦᠯᠦᠭᠰᠡᠨ ᠢᠶᠠᠷ ᠦᠢᠯᠡᠴᠢᠯᠡᠭᠡᠨ ᠤ ᠦᠢᠯᠡᠰ ᠤᠨ ᠰᠡᠷᠭᠦᠯᠲᠡ ᠰᠠᠶᠢᠵᠢᠷᠠᠪᠠ᠃ ᠤᠯᠠᠭᠠᠨᠬᠠᠳᠠ ᠶᠢᠨ ᠡᠮᠦᠨ᠎ᠡ ᠬᠡᠰᠡᠭ ᠤᠨ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠵᠤ᠂ ᠳ᠋ᠣᠣ ᠰᠢᠦᠢ ᠭᠧᠦ ᠦᠵᠡᠮᠵᠢ ᠶᠢᠨ ᠣᠷᠣᠨ ᠤ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠽᠢ ᠮᠧᠩ ᠬᠡᠦ ᠨᠠᠭᠤᠷ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢᠶᠠᠷ ᠦᠨᠡᠯᠡᠵᠦ᠂ ᠤᠯᠤᠰ ᠤᠨ ᠤᠰᠤᠨ ᠳᠡᠭᠡᠷᠡᠬᠢ ᠲᠠᠮᠢᠷ ᠤᠨ ᠬᠥᠳᠡᠯᠭᠡᠭᠡᠨ ᠰᠡᠯᠡᠭᠦᠴᠡᠯ ᠤᠨ ᠰᠠᠭᠤᠷᠢᠨ ᠢ ᠠᠩᠬᠠᠳᠠᠭᠴᠢ ᠪᠦᠯᠦᠭ ᠪᠦᠬᠦ ᠤᠯᠤᠰ ᠤᠨ︽ᠨᠢᠭᠡ ᠰᠢᠶᠠᠨ ᠨᠢᠭᠡ ᠦᠢᠯᠡᠳᠬᠦᠨ︾ ᠤ ᠣᠨᠴᠠᠯᠢᠭᠲᠤ ᠰᠣᠶᠣᠯ ᠤᠷᠠᠯᠢᠭ ᠤᠨ ᠨᠡᠶᠢᠲᠡᠯᠢᠭ ᠵᠢᠱᠢᠶ᠎ᠡ ᠪᠠᠷ ᠦᠨᠡᠯᠡᠪᠡ᠃ ᠬᠤᠷᠬᠤᠭ ᠭᠤᠣᠯ ᠤᠨ ᠠᠷᠠᠳ ᠤᠨ ᠣᠷᠣᠨ ᠰᠠᠭᠤᠴᠠ ᠶᠢᠨ ᠪᠦᠯᠦᠭᠯᠡᠯ ᠤᠨ ᠨᠢᠭᠡᠳᠦᠭᠡᠷ ᠬᠤᠭᠤᠴᠠᠭ᠎ᠠ ᠪᠠ ᠲᠤᠤᠷ᠎ᠠ ᠬᠤᠷᠤᠭ᠎ᠠ ᠶᠢᠨ ᠴᠠᠭᠠᠨ ᠭᠤᠣᠯ᠂ ᠪᠠᠷᠬᠠᠨ ᠤ ᠡᠯ ᠳ᠋ᠣᠣ ᠭᠧᠦ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠰᠬᠤᠨ ᠤ ᠲᠦᠷᠦᠯ ᠵᠦᠢᠯ ᠢ ᠪᠠᠶᠢᠭᠤᠯᠵᠤ᠂ ᠬᠤᠷᠬᠤᠭ ᠭᠤᠣᠯ ᠤᠨ ᠱᠠᠨ ᠱᠧᠨ ᠮᠢᠶᠣᠣ ᠲᠣᠰᠬᠤᠨ ᠨᠢ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ ᠢᠶᠠᠷ ᠦᠨᠡᠯᠡᠭᠳᠡᠵᠦ᠂ ᠶᠦᠨ ᠰᠢᠸ ᠪᠢᠶᠧ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠳᠦᠷᠪᠡᠨ ᠤᠳᠤᠨ ᠳᠡᠰ ᠤᠨ ᠬᠥᠳᠡᠭᠡ ᠲᠣᠰᠬᠤᠨ ᠤ ᠵᠤᠭᠠᠴᠠᠯ ᠤᠨ ᠬᠦᠯᠢᠶᠡᠨ ᠠᠪᠬᠤ ᠡᠷᠦᠬᠡ ᠪᠠᠷ ᠦᠨᠡᠯᠡᠭᠳᠡᠪᠡ᠃  ᠵᠦᠩ ᠵᠢᠩ ᠪᠡᠶ᠎ᠡ ᠶᠢᠨ ᠲᠠᠮᠢᠷ ᠤᠨ ᠴᠡᠴᠡᠷᠯᠢᠭ᠂ ᠨᠢᠩᠴᠧᠩ ᠤᠨ ᠮᠦᠽᠧᠢ ᠵᠢᠴᠢ ᠯᠢᠶᠣᠣ ᠣᠯᠣᠰ ᠤᠨ ᠳᠤᠮᠳᠠᠳᠤ ᠨᠡᠶᠢᠰᠯᠡᠯ ᠤᠨ ᠪᠠᠭᠤᠷᠢ ᠶᠢ ᠬᠠᠮᠠᠭᠠᠯᠠᠨ ᠠᠰᠢᠭᠯᠠᠬᠤ ᠵᠦᠢᠯᠡᠰ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠪᠦᠬᠦ ᠤᠯᠤᠰ ᠤᠨ ᠴᠠᠬᠢᠯᠭᠠᠨ ᠬᠦᠴᠦᠨ ᠤ ᠳᠠᠪᠠᠯᠭᠠᠨ ᠥᠭᠰᠥᠬᠦ ᠬᠠᠪᠲᠠᠰᠤᠨ ᠤ ᠬᠤᠯᠪᠣᠭᠠᠲᠤ ᠤᠷᠤᠯᠳᠤᠭᠠᠨ ᠢ ᠠᠮᠵᠢᠯᠲᠠ ᠲᠠᠢ ᠪᠠᠷ ᠳᠠᠭᠠᠭᠠᠴᠢᠯᠠᠨ ᠡᠷᠬᠢᠯᠡᠵᠦ᠂ ᠲᠦᠷᠪᠡᠨ ᠤᠯᠠᠷᠢᠯ ᠤᠨ ᠭᠤᠣᠯ ᠰᠡᠳᠦᠪᠲᠦ ᠵᠢᠭᠤᠯᠴᠢᠯᠠᠯ ᠵᠢᠴᠢ ᠠᠩᠬᠠᠳᠤᠭᠠᠷ ᠬᠤᠭᠤᠴᠠᠭᠠᠨ ᠤ ︽ᠲᠣᠰᠬᠤᠨ ᠤ BA︾᠂ ᠮᠠᠨᠳᠠᠷᠠᠸ᠎ᠠ ᠶᠢᠨ ᠰᠣᠶᠣᠯ ᠤᠨ ᠨᠠᠶᠢᠷ᠂ ᠠᠯᠮᠤᠷᠠᠳ ᠤᠨ ᠰᠣᠶᠣᠯ ᠤᠨ ᠨᠠᠶᠢᠷ᠂ ᠪᠣᠭᠤᠮᠲᠠ ᠶᠢᠨ ᠭᠠᠳᠠᠨᠠᠬᠢ ᠠᠷᠢᠬᠢᠨ ᠨᠤᠲᠤᠭ ᠤᠨ ᠰᠣᠶᠣᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠡᠷᠬᠢᠯᠡᠪᠡ᠃ ᠪᠥᠬᠦ ᠵᠢᠯ ᠳᠤ 268.2 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 36.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠵᠧᠩ ᠬᠠᠩ ᠬᠤᠳᠠᠯᠳᠤᠭᠠᠨ ᠤ ᠶᠠᠪᠤᠳᠠᠯ ᠤᠨ ᠪᠠᠭᠤᠳᠠᠯ᠂ ᠣᠯᠠᠨ ᠤᠯᠤᠰ ᠤᠨ ᠲᠦᠮᠡᠨ ᠬᠤᠳᠠᠯᠳᠤᠭᠠᠨ ᠤ ᠬᠤᠲᠠ ᠶᠢᠨ ᠬᠤᠶᠠᠳᠤᠭᠠᠷ ᠬᠤᠭᠤᠴᠠᠭ᠎ᠠ᠂ ᠠᠮᠤ ᠪᠤᠳᠠᠭ᠎ᠠ ᠬᠥᠮᠥᠷᠭᠡᠯᠡᠬᠦ ᠬᠥᠮᠥᠷᠭᠡ᠂ ᠲᠤᠤᠷ᠎ᠠ ᠬᠤᠷᠤᠭ᠎ᠠ ᠶᠢᠨ ᠵᠢᠮᠢᠰ ᠢᠳᠡᠰᠢᠨ ᠨᠣᠭᠤᠭ᠎ᠠ ᠶᠢᠨ ᠬᠦᠢᠲᠡᠨ ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠲᠥᠪ ᠵᠡᠷᠭᠡ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠠᠯᠢ ᠣᠯᠠᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠢᠳᠡᠪᠬᠢᠲᠡᠢ ᠦᠷᠨᠢᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰ ᠲᠤᠰ 332.1 ᠳ᠋ᠦᠩᠰᠢᠭᠤᠷ ᠲᠥᠭᠦᠷᠢᠭ ᠪᠠ 205.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ ᠲᠤᠰ ᠲᠤᠰ 10.9% ᠪᠠ 16.7% ᠪᠠᠷ ᠨᠡᠮᠡᠭᠳᠡᠪᠡ᠃  ᠨᠢᠭᠡ ᠵᠢᠯ ᠤᠨ ᠲᠤᠷᠰᠢ᠂ ᠪᠢᠳᠡ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠲᠠᠰᠤᠷᠠᠯᠳᠠ ᠦᠭᠡᠢ ᠰᠠᠶᠢᠵᠢᠷᠠᠭᠤᠯᠪᠠ᠃ ᠳ᠋ᠠ ᠮᠢᠩ ᠵᠡᠭᠡᠯᠢ ᠶᠢᠨ ᠲᠡᠮᠦᠷ ᠵᠠᠮ ᠤᠨ ᠵᠥᠷᠢᠯᠢᠭ ᠬᠥᠭᠦᠷᠭᠡ ᠪᠠᠷ ᠥᠩᠭᠡᠷᠡᠬᠦ ᠵᠠᠮᠴᠢ ᠵᠠᠮ᠂ ᠬᠤᠸᠠ ᠶᠤᠸᠠᠨ ᠵᠡᠭᠡᠯᠢ ᠶᠢᠨ ᠪᠠᠷᠠᠭᠤᠨ ᠬᠡᠰᠡᠭ ᠵᠡᠷᠭᠡ 6 ᠵᠤᠷᠪᠤᠰ ᠬᠤᠲᠠ ᠶᠢᠨ ᠲᠣᠭᠤᠷᠢᠭ ᠤᠨ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠷᠧ ᠱᠦᠢ ᠵᠡᠭᠡᠯᠢ ᠵᠡᠷᠭᠡ 7 ᠵᠤᠷᠪᠤᠰ ᠬᠤᠲᠠ ᠶᠢᠨ ᠲᠣᠭᠤᠷᠢᠭ ᠤᠨ ᠵᠠᠮ ᠤᠨ ᠪᠣᠷᠣᠭᠠᠨ ᠤ ᠤᠰᠤ ᠪᠤᠬᠢᠷ ᠤᠰᠤ ᠶᠢ ᠰᠠᠯᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ 6.5 ᠺᠢᠯᠣᠮᠧᠲᠷ ᠪᠣᠷᠣᠭᠠᠨ ᠤ ᠤᠰᠤᠨ ᠤ ᠬᠤᠭᠤᠯᠠᠢ ᠶᠢᠨ ᠱᠤᠭᠤᠮ ᠢ ᠰᠢᠨ᠎ᠡ ᠪᠠᠷ ᠪᠠᠶᠢᠭᠤᠯᠵᠤ᠂ 160 ᠵᠤᠷᠪᠤᠰ ᠵᠢᠵᠢᠭ ᠵᠡᠭᠡᠯᠢ ᠵᠢᠵᠢᠭ ᠭᠤᠳᠤᠮᠵᠢ ᠶᠢ ᠬᠠᠲᠠᠭᠤᠷᠠᠭᠤᠯᠤᠨ᠂ 20 ᠺᠢᠯᠣᠮᠧᠲᠷ ᠵᠢᠵᠢᠭ ᠵᠡᠭᠡᠯᠢ ᠭᠤᠳᠤᠮᠵᠢ ᠶᠢ ᠬᠠᠲᠠᠭᠤᠷᠠᠭᠤᠯᠵᠤ᠂ ᠡᠶ᠎ᠡ ᠵᠣᠬᠢᠴᠠᠯ ᠲᠠᠢ ᠵᠤᠭᠠᠴᠠᠯ ᠤᠨ ᠬᠦᠷᠢᠶᠡᠯᠡᠩ ᠵᠡᠷᠭᠡ 11 ᠨᠣᠭᠤᠭᠠᠨ ᠭᠠᠵᠠᠷ ᠢ ᠪᠠᠶᠢᠭᠤᠯᠵᠤ᠂ 11.3 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠪᠡ᠃ 11 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 410 ᠡᠷᠦᠬᠡ ᠶᠢᠨ ᠪᠠᠶᠢᠰᠢᠩ ᠭᠡᠷ ᠤᠨ ᠲᠣᠭᠤᠷᠢᠭ ᠤᠨ ᠲᠣᠭᠤᠭᠠᠨ ᠭᠡᠷ ᠤᠨ ᠬᠠᠮᠠᠭᠠᠯᠠᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ 3 ᠨᠡᠶᠢᠲᠡ ᠶᠢᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ ᠲᠡᠷᠭᠡ ᠵᠣᠭᠰᠤᠭᠠᠬᠤ ᠪᠠᠶᠢᠷᠢ ᠶᠢ ᠰᠢᠨ᠎ᠡ ᠪᠠᠷ 500 ᠨᠡᠮᠡᠭᠳᠡᠭᠦᠯᠪᠡ᠃ ᠬᠤᠳᠠᠯᠳᠤᠭᠠᠨ ᠤ ᠪᠠ ᠣᠷᠣᠨ ᠰᠠᠭᠤᠴᠠ ᠶᠢᠨ ᠵᠢᠵᠢᠭ ᠲᠣᠭᠤᠷᠢᠭ ᠢ 4 ᠪᠠᠶᠢᠭᠤᠯᠵᠤ᠂ 21.5 ᠲᠦᠮᠡᠨ ᠲᠡᠭᠰᠢ ᠳᠥᠷᠪᠡᠯᠵᠢᠨ ᠮᠧᠲᠷ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠵᠦᠢᠯᠡᠰ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠳᠠ ᠶᠢᠨ ᠳᠦᠷᠰᠦ ᠪᠠᠶᠢᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠶᠢ ᠵᠥᠷᠢᠴᠡᠭᠰᠡᠨ ᠪᠠᠷᠢᠯᠭ᠎ᠠ ᠶᠢᠨ ᠵᠦᠢᠯ ᠢ 2.2 ᠲᠦᠮᠡᠨ ᠲᠡᠭᠰᠢ ᠳᠥᠷᠪᠡᠯᠵᠢᠨ ᠮᠧᠲᠷ ᠨᠤᠷᠠᠭᠠᠪᠠ᠃ ᠤᠯᠤᠰ ᠤᠨ ᠵᠠᠮ ᠤᠨ 508 ᠱᠤᠭᠤᠮ ᠤᠨ ᠲᠤᠤᠷ᠎ᠠ ᠬᠤᠷᠤᠭ᠎ᠠ ᠠᠴᠠ ᠫᠢᠩ ᠴᠢᠤᠸᠠᠨ ᠬᠦᠷᠬᠦ ᠬᠡᠰᠡᠭ᠂ ᠳ᠋ᠠ ᠮᠢᠩ ᠴᠢᠶᠣᠤ ᠬᠥᠭᠦᠷᠭᠡ ᠶᠢᠨ 1 ᠨᠣᠮᠧᠷᠲᠤ ᠨᠤᠷᠠᠬᠤ ᠠᠶᠤᠯᠲᠠᠢ ᠬᠥᠭᠦᠷᠭᠡ ᠶᠢ ᠨᠤᠷᠠᠭᠠᠵᠤ ᠲᠠᠬᠢᠨ ᠪᠠᠶᠢᠭᠤᠯᠬᠤ ᠪᠠ ᠤᠤᠯ ᠤᠨ ᠤᠯᠤᠰ ᠤᠨ ᠵᠠᠮ ᠤᠨ 508 ᠱᠤᠭᠤᠮ ᠤᠨ ᠲᠤᠤᠷ᠎ᠠ ᠬᠤᠷᠤᠭ᠎ᠠ ᠠᠴᠠ ᠼᠠᠩ ᠶᠢᠩᠽᠢ ᠬᠦᠷᠬᠦ ᠬᠡᠰᠡᠭ᠂ ᠮᠤᠵᠢ ᠶᠢᠨ ᠵᠠᠮ ᠤᠨ 505 ᠱᠤᠭᠤᠮ ᠤᠨ ᠹᠦ᠋ ᠵᠢᠶᠠ ᠸᠧ ᠫᠦ᠋ ᠠᠴᠠ ᠪᠦᠦ ᠭᠦ᠋ ᠯᠦ ᠬᠦᠷᠬᠦ ᠬᠡᠰᠡᠭ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠦᠬᠦ ᠲᠠᠯ᠎ᠠ ᠪᠠᠷ ᠪᠠᠷᠢᠯᠭ᠎ᠠ ᠳᠠᠭᠤᠰᠬᠠᠵᠤ ᠲᠡᠷᠭᠡ ᠨᠡᠪᠲᠡᠷᠡᠭᠦᠯᠪᠡ᠃ ᠬᠥᠳᠡᠭᠡ ᠲᠣᠰᠬᠤᠨ ᠤ ᠵᠠᠮ ᠢ 135 ᠺᠢᠯᠣᠮᠧᠲᠷ ᠠᠷᠠᠴᠢᠯᠠᠨ ᠬᠠᠮᠠᠭᠠᠯᠠᠬᠤ ᠶᠢ ᠬᠡᠷᠡᠭᠵᠢᠭᠦᠯᠵᠦ᠂ ᠨᠡᠯᠢᠶᠡᠳ ᠶᠡᠭᠡ ᠠᠶᠢᠯ ᠲᠣᠰᠬᠤᠨ ᠳᠤ 22.6 ᠺᠢᠯᠣᠮᠧᠲᠷ ᠬᠠᠲᠠᠭᠤᠷᠠᠭᠤᠯᠤᠭᠰᠠᠨ ᠵᠠᠮ ᠨᠠᠪᠲᠠᠷᠡᠭᠦᠯᠵᠦ᠂ 9 ᠬᠥᠭᠦᠷᠭᠡ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠵᠠᠰᠠᠪᠠ᠃ ᠳ᠋ᠠ ᠬᠡᠦ ᠱᠢ ᠤᠰᠤᠨ ᠴᠥᠭᠦᠷᠥᠮ ᠤᠨ ᠤᠰᠤ ᠬᠠᠩᠭᠠᠬᠤ ᠢᠨᠵᠧᠨᠧᠷᠢᠩ ᠢ ᠲᠤᠷᠰᠢᠨ ᠠᠵᠢᠯᠯᠠᠭᠤᠯᠵᠤ᠂ ᠯᠤᠤᠬ᠎ᠠ ᠶᠢᠨ ᠭᠤᠣᠯ ᠬᠤᠳᠠ ᠶᠢᠨ ᠲᠣᠭᠤᠷᠢᠭ ᠤᠨ ᠬᠡᠰᠡᠭ ᠤᠨ ᠤᠰᠤᠨ ᠤ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠵᠦᠢᠯᠡᠰ ᠢ ᠡᠬᠢᠯᠡᠨ ᠪᠦᠲᠦᠭᠡᠨ ᠪᠠᠶᠢᠭᠤᠯᠪᠠ᠃ ᠲᠢᠶᠠᠨ ᠢ ᠬᠤᠲᠠ ᠶᠢᠨ ᠲᠣᠭᠤᠷᠢᠭ ᠤᠨ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ 422 ᠡᠷᠦᠬᠡ ᠶᠢᠨ ᠳᠤᠯᠠᠭᠠᠯᠠᠭ᠎ᠠ ᠶᠢ ᠲᠥᠪᠯᠡᠷᠡᠭᠦᠯᠦᠨ ᠥᠭᠡᠷᠡᠴᠢᠯᠡᠬᠦ᠂ 10.6 ᠲᠦᠮᠡᠨ ᠲᠡᠭᠰᠢ ᠳᠥᠷᠪᠡᠯᠵᠢᠨ ᠮᠧᠲᠷ ᠪᠠᠶᠢᠰᠢᠩ ᠭᠡᠷ ᠤᠨ ᠲᠣᠭᠤᠷᠢᠭ ᠲᠤ ᠲᠥᠪᠯᠡᠷᠡᠭᠦᠯᠦᠨ ᠬᠠᠯᠠᠭᠠᠯᠭ᠎ᠠ ᠬᠠᠩᠭᠠᠬᠤ ᠥᠭᠡᠷᠡᠴᠢᠯᠡᠯᠲᠡ ᠶᠢ ᠬᠡᠷᠡᠭᠵᠢᠭᠦᠯᠪᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠬᠤᠶᠠᠷ ᠵᠢᠯ ᠤᠷᠢᠳᠴᠢᠯᠠᠨ ᠪᠡᠶᠡᠯᠡᠭᠦᠯᠵᠦ᠂ 46 ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠠᠤᠯᠢ ᠶᠣᠰᠣᠭᠠᠷ ᠲᠥᠷᠥᠯ ᠬᠤᠪᠢᠶᠠᠨ ᠴᠡᠭᠴᠡᠯᠡᠨ ᠵᠠᠰᠠᠵᠤ᠂ ᠯᠤᠤᠬ᠎ᠠ ᠶᠢᠨ ᠭᠤᠣᠯ ᠤᠨ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠢ Ⅱ ᠲᠥᠷᠥᠯ ᠳᠤ ᠲᠣᠭᠲᠠᠭᠤᠨ ᠢᠶᠠᠷ ᠬᠦᠷᠭᠡᠪᠡ᠃ ᠲᠢᠶᠠᠨ ᠢ  ᠬᠤᠲᠠ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ᠂ ᠳᠡᠭᠡᠷ᠎ᠡ ᠬᠤᠷᠤᠭ᠎ᠠ ᠪᠠᠯᠭᠠᠰᠤ ᠪᠠ ᠲᠤᠤᠷ᠎ᠠ ᠬᠤᠷᠤᠭ᠎ᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠲᠥᠪ ᠤᠨ ᠨᠢᠭᠡᠳᠦᠭᠡᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠲᠥᠪ ᠤᠨ ᠬᠤᠶᠠᠳᠤᠭᠠᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠰᠠᠭᠤᠳᠠᠯ ᠤᠨ 7 ᠵᠦᠢᠯ ᠢ ᠪᠡᠶᠡᠯᠡᠭᠦᠯᠪᠡ᠃ 2000 ᠮᠦ ᠮᠠᠭᠤᠳᠠᠭᠰᠠᠨ ᠣᠶ ᠮᠣᠳᠣᠨ ᠤ ᠬᠡᠰᠡᠭᠯᠡᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶᠢᠲᠤ ᠬᠤᠲᠠ ᠶᠢ ᠰᠢᠯᠭᠠᠨ ᠠᠪᠬᠤ ᠪᠠᠷ ᠳᠡᠮᠵᠢᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠵᠢᠩᠬᠢᠨᠢ ᠪᠠᠷ ᠡᠬᠢᠯᠡᠨ ᠬᠡᠷᠡᠭᠯᠡᠪᠡ᠃ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠷᠢᠭᠤᠴᠠᠯᠭ᠎ᠠ ᠦᠭᠡᠢ ᠭᠤᠣᠯ ᠴᠣᠭᠴᠠ ᠪᠣᠯᠬᠤ 1370 ᠮᠦ ᠠᠭᠤᠷᠬᠠᠢ ᠶᠢᠨ ᠵᠠᠰᠠᠯᠲᠠ ᠶᠢ ᠪᠡᠶᠡᠯᠡᠭᠦᠯᠪᠡ᠃  ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠭᠡᠭᠡᠯᠲᠡ ᠶᠢ ᠥᠷᠭᠡᠳᠬᠡᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠳᠠᠨᠠᠬᠢ ᠡᠷᠬᠡ ᠲᠤᠰᠢᠶᠠᠯ ᠤᠨ ᠵᠦᠢᠯᠡᠰ ᠢ 1539 ᠡᠮᠬᠢᠯᠡᠨ ᠳᠢᠭᠯᠡᠵᠦ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ 35% ᠪᠠᠷ ᠪᠠᠭᠠᠰᠬᠠᠵᠤ᠂ ᠵᠠᠩᠭᠢᠯᠠᠭ᠎ᠠ ᠶᠢ 37% ᠪᠠᠷ ᠪᠠᠭᠠᠰᠬᠠᠵᠤ᠂ ᠴᠠᠭ ᠤᠨ ᠬᠢᠵᠠᠭᠠᠷ ᠢ 73% ᠪᠠᠷ ᠪᠠᠭᠠᠰᠬᠠᠪᠠ᠃ ᠬᠤᠳᠠ ᠶᠢᠨ ᠬᠡᠪᠴᠢᠶᠡᠨ ᠳᠤ ᠨᠡᠶᠢᠳᠡᠮ ᠰᠢᠢᠳᠪᠦᠷᠢᠯᠡᠬᠦ᠂ ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠭᠦᠨᠵᠡᠭᠡᠢ ᠲᠦᠯᠬᠢᠨ ᠠᠬᠢᠭᠤᠯᠵᠤ᠂ ︽ᠲᠣᠭᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠳᠡᠨ ᠫᠠᠶᠢᠰᠠ︾ ᠶᠢᠨ ᠦᠢᠯᠡᠴᠢᠯᠡᠭᠡ ᠶᠢ ᠭᠠᠷᠭᠠᠪᠠ᠃ ᠰᠢᠶᠠᠨ ᠰᠢᠶᠠᠩ ᠲᠣᠰᠬᠤᠨ ᠭᠤᠷᠪᠠᠨ ᠱᠠᠲᠤ ᠶᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠪᠠᠯᠭᠠᠰᠤ ᠲᠣᠰᠬᠤᠨ ᠳᠤ ᠪᠠᠭᠤᠯᠭᠠᠭᠰᠠᠨ 235 ᠵᠦᠢᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠪᠡ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ︽ᠬᠥᠮᠥᠨ ᠤ ᠬᠦᠴᠦ ᠪᠠᠷ ᠭᠠᠷ ᠲᠦᠷᠦᠭᠦ ᠦᠭᠡᠢ ᠪᠠᠷ ᠣᠶᠤᠨᠴᠢ ᠬᠢᠨᠠᠨ ᠵᠥᠪᠰᠢᠶᠡᠷᠡᠯ︾ ᠢ ᠨᠡᠭᠡᠭᠡᠨ ᠡᠷᠬᠢᠯᠡᠬᠦ ᠶᠢ ᠲᠦᠯᠬᠢᠨ ᠠᠬᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 5157 ᠡᠷᠦᠬᠡ ᠰᠢᠨ᠎ᠡ ᠪᠠᠷ ᠨᠡᠮᠡᠭᠳᠡᠭᠦᠯᠪᠡ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠠᠳ ᠨᠡᠶᠢᠳᠡ 3.6 ᠳ᠋ᠦᠩᠰᠢᠭᠤᠷ ᠲᠥᠭᠦᠷᠢᠭ ᠪᠣᠯᠭᠠᠪᠠ᠃ ᠪᠠᠷᠬᠠᠨ ᠪᠠᠯᠭᠠᠰᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠵᠢᠭ ᠪᠠᠯᠭᠠᠰᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠰᠠᠢ ᠹᠧᠢ ᠶᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠢᠭ᠋ ᠤᠨ ᠠᠵᠤ ᠠᠬᠤᠶᠢᠯᠠᠯ ᠢᠶᠠᠷ ᠲᠣᠭᠲᠠᠭᠠᠭᠳᠠᠵᠤ᠂ ᠭᠠᠳᠠᠭᠠᠳᠤ ᠪᠡᠯᠡ ᠶᠢ ᠠᠰᠢᠭᠯᠠᠪᠡ᠃ ᠠᠵᠤ ᠠᠬᠤᠶᠢᠯᠠᠯ ᠤᠨ ᠳᠠᠩᠰᠠᠨ ᠵᠣᠭᠤᠰ ᠢ ᠵᠥᠷᠢᠯᠳᠦᠭᠡᠨ ᠦᠭᠡᠢ ᠪᠠᠷ ᠪᠦᠬᠦᠨ ᠢᠶᠠᠷ ᠨᠢ ᠢᠯᠭᠠᠷᠠᠭᠤᠯᠤᠨ ᠳᠢᠭᠯᠡᠪᠡ᠃  ᠨᠢᠭᠡ ᠵᠢᠯ ᠤᠨ ᠲᠤᠷᠰᠢ᠂ ᠪᠢᠳᠡ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠳᠠᠪᠰᠢᠭᠤᠯᠪᠠ᠃ ᠬᠤᠳᠠ ᠪᠠᠯᠭᠠᠰᠤᠨ ᠳᠤ 3356 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠳ ᠪᠠ ᠠᠵᠢᠯ ᠣᠯᠬᠤ ᠳᠤ ᠬᠦᠴᠢᠷᠲᠡᠢ 2698 ᠬᠥᠮᠥᠨ ᠳᠤ ᠲᠠᠬᠢᠨ ᠠᠵᠢᠯ ᠣᠯᠭᠤᠵᠤ᠂ 1500 ᠬᠥᠮᠥᠨ ᠳᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠬᠥᠳᠡᠭᠡ ᠲᠣᠰᠬᠤᠨ ᠤ 11.7 ᠲᠦᠮᠡᠨ ᠬᠥᠮᠥᠨ ᠤᠳᠠᠭ᠎ᠠ ᠶᠢᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ᠃ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠪᠠ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 5273 ᠲᠦᠮᠡᠨ ᠲᠥᠭᠦᠷᠢᠭ ᠪᠠᠶᠢᠵᠤ᠂ 139 ᠠᠵᠤ ᠠᠬᠤᠶᠢᠯᠠᠯ᠂ 8137 ᠬᠥᠮᠥᠨ ᠳᠤ ᠠᠰᠢᠭ ᠬᠦᠷᠲᠡᠭᠡᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠡᠯ᠎ᠡ ᠲᠥᠷᠥᠯ ᠤᠨ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠲᠡ 2.8 ᠳ᠋ᠦᠩᠰᠢᠭᠤᠷ ᠲᠥᠭᠦᠷᠢᠭ ᠲᠠᠷᠬᠠᠭᠠᠵᠤ᠂ ᠠᠰᠢᠭ ᠭᠥᠷᠳᠡᠭᠰᠡᠨ ᠣᠯᠠᠨ ᠲᠦᠮᠡᠨ 13.2 ᠲᠦᠮᠡᠨ ᠬᠥᠮᠥᠨ ᠤᠳᠠᠭ᠎ᠠ ᠳᠤ ᠬᠥᠷᠪᠡ᠃ ᠨᠢᠩᠴᠧᠩ ᠰᠢᠶᠠᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ ᠶᠢ ᠠᠰᠢᠭᠯᠠᠯᠲᠠ ᠳᠤ ᠣᠷᠣᠭᠤᠯᠵᠤ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ᠂ ᠬᠠᠷᠠᠬᠤᠲᠠ ᠲᠥᠪ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠪᠰᠤᠷᠤᠮᠵᠢ ᠠᠰᠠᠷ ᠵᠡᠷᠭᠡ 6 ᠲᠥᠷᠥᠯ ᠵᠦᠢᠯ ᠢ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠢ ᠪᠡᠶᠡᠯᠡᠭᠦᠯᠪᠡ᠃ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠵᠢᠩᠬᠢᠨᠢ ᠠᠩᠭᠢ ᠶᠢᠨ ᠰᠦᠯᠵᠢᠶᠡᠨ ᠳᠤ ᠣᠷᠣᠭᠰᠠᠨ ᠨᠣᠷᠮ᠎ᠠ ᠪᠥᠬᠦ ᠬᠤᠲᠠ ᠳᠤ ᠨᠢᠭᠡᠳᠦᠭᠡᠷ ᠲᠤ ᠣᠷᠣᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠵᠢᠯ ᠲᠥᠷᠥᠯ ᠢᠶᠠᠷ ᠢᠶᠠᠨ ᠰᠤᠷᠭᠠᠭᠤᠯᠢ ᠲᠠᠪᠰᠢᠬᠰᠠᠨ ᠨᠤᠷᠮ᠎ᠠ ᠪᠦᠬᠦ ᠤᠷᠤᠨ ᠳᠤ ᠲᠡᠷᠢᠭᠦᠯᠡᠪᠡ᠃ ︽ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ︾ ᠪᠠᠶᠢᠭᠤᠯᠤᠭᠳᠠᠪᠠ᠃ ᠰᠢᠶᠠᠨ ᠤ ᠲᠥᠪ ᠡᠮᠨᠡᠯᠭᠡ ᠶᠢᠨ ᠬᠤᠷᠢᠶ᠎ᠠ ᠪᠠ ᠮᠡᠳᠡᠷᠡᠯ ᠤᠨ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ ᠶᠢ ᠲᠣᠰ ᠲᠣᠰ ᠭᠤᠷᠪᠠᠳᠤᠭᠠᠷ ᠳᠡᠰ ᠤᠨ ᠬᠥᠬᠡ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠭᠤᠷᠪᠠᠳᠤᠭᠠᠷ ᠳᠡᠰ ᠤᠨ ᠬᠥᠬᠡ ᠳᠡᠰ ᠤᠨ ᠲᠤᠰᠬᠠᠢ ᠡᠮᠨᠡᠯᠭᠡ ᠶᠢᠨ ᠬᠤᠷᠢᠶ᠎ᠠ ᠪᠣᠯᠭᠠᠨ ᠠᠮᠵᠢᠯᠲᠠ ᠲᠠᠢ ᠪᠠᠷ ᠳᠡᠪᠰᠢᠭᠦᠯᠦᠭᠡᠳ᠂ ᠮᠠᠨ ᠤ ᠰᠢᠶᠠᠨ ᠪᠥᠬᠦ ᠣᠷᠣᠨ ᠤ ᠭᠤᠷᠪᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠲᠠᠢ ᠴᠣᠷ ᠤᠨ ᠭᠠᠭᠴᠠ ᠬᠤᠰᠢᠭᠤ ᠰᠢᠶᠠᠨ ᠪᠣᠯᠤᠭᠰᠠᠨ ᠪᠠᠶᠢᠨ᠎ᠠ᠃ ᠰᠢᠶᠠᠨ ᠤ ᠲᠥᠪ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ ᠦᠷᠭᠡᠳᠭᠡᠬᠦ ᠪᠠ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠤᠨ ᠥᠷᠭᠡᠳᠬᠡᠨ ᠪᠠᠶᠢᠭᠤᠯᠬᠤ ᠵᠦᠢᠯᠡᠰ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠨᠠᠰᠤᠲᠠᠨ ᠢ ᠠᠰᠠᠷᠠᠬᠤ ᠲᠥᠪ ᠤᠨ ᠬᠦᠷᠢᠶᠡᠯᠡᠩ ᠤᠨ ᠵᠦᠢᠯᠡᠰ ᠢ ᠲᠦᠷᠭᠡᠪᠴᠢᠯᠡᠨ ᠠᠬᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠪᠠ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠲᠦᠮᠵᠢᠲᠡᠶ ᠠᠷᠢᠯᠭᠠᠵᠤ᠂ ᠪᠡᠭᠡᠵᠢᠩ ᠳᠤ ᠣᠷᠣᠵᠤ ᠣᠷᠣᠨ ᠳᠤ ᠬᠦᠷᠴᠦ ᠰᠤᠷᠪᠤᠯᠵᠢᠯᠠᠬᠤ ᠲᠤᠭ᠎ᠠ ᠬᠡᠮᠵᠢᠶ᠎ᠡ ᠶᠢ ᠢᠯᠡᠳᠲᠡ ᠪᠠᠭᠠᠰᠬᠠᠪᠠ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠢ ᠬᠠᠮᠠᠭᠠᠯᠠᠬᠤ ᠪᠠ ᠡᠷᠡᠭᠦᠦ ᠶᠢᠨ ᠬᠡᠷᠡᠭ ᠤᠨ ᠲᠤᠭ᠎ᠠ ᠬᠡᠮᠵᠢᠶ᠎ᠡ ᠶᠢ ᠲᠣᠰ ᠲᠣᠰ 7.4% ᠪᠠ 28.4% ᠪᠠᠷ ᠪᠠᠭᠤᠷᠠᠭᠤᠯᠵᠤ᠂ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠪᠠᠷ ᠮᠡᠬᠡᠯᠡᠬᠦ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠳᠤ ᠭᠤᠷᠪᠠᠨ ᠵᠢᠯ ᠳᠠᠷᠠᠭᠠᠯᠠᠨ ︽ᠬᠤᠶᠠᠷ ᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠶᠢ ᠪᠡᠶᠡᠯᠡᠭᠦᠯᠵᠦ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠭᠠᠷᠭᠠᠵᠤ᠂ ᠰᠢᠶᠠᠨ ᠤ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠢᠵᠢ ᠪᠦᠷᠢᠳᠦᠭᠦᠯᠦᠨ ᠳᠡᠰ ᠳᠡᠪᠰᠢᠭᠦᠯᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠦᠬᠦ ᠤᠯᠤᠰ ᠤᠨ ᠴᠡᠷᠢᠭ ᠡᠯᠰᠡᠬᠦ ᠠᠵᠢᠯ ᠤᠨ ᠲᠡᠷᠢᠭᠦᠨ ᠤ ᠨᠢᠭᠡᠴᠢ ᠪᠠᠷ ᠦᠨᠡᠯᠡᠭᠳᠡᠪᠡ᠃ ᠢᠳᠡᠭᠡᠨ ᠤ ᠵᠦᠢᠯ ᠡᠮ ᠤᠨ ᠵᠦᠢᠯ᠂ ᠬᠢᠨᠠᠨ ᠪᠣᠳᠣᠯᠲᠠ ᠲᠤᠭ᠎ᠠ ᠪᠦᠷᠢᠳᠬᠡᠯ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠵᠡᠷᠭᠡ ᠦᠢᠯᠡᠰ ᠰᠢᠨ᠎ᠡ ᠦᠷ᠎ᠡ ᠪᠦᠲᠦᠮᠵᠢ ᠣᠯᠪᠠ᠃  ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠢᠮᠠᠭᠲᠠ ᠪᠠᠷᠢᠮᠲᠠᠯᠠᠭᠰᠠᠭᠠᠷ ᠢᠷᠡᠪᠡ᠃ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠴᠢ ᠬᠠᠷᠢᠭᠤᠯᠠᠬᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠎ᠠ᠃ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ᠂ ᠡᠯ᠎ᠡ ᠬᠦᠷᠢᠶᠡᠨ ᠳᠤ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠢᠭᠡᠳ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢ ᠪᠠᠶᠢᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ᠂ ᠡᠮ ᠡᠮᠨᠡᠯᠭᠡ ᠵᠡᠷᠭᠡ ᠬᠦᠷᠢᠶᠡᠨ ᠳᠠᠬᠢ ᠲᠤᠰᠬᠠᠢ ᠴᠡᠭᠴᠡᠯᠡᠯᠲᠡ ᠶᠢ ᠭᠦᠨᠵᠡᠭᠡᠢ ᠥᠷᠨᠢᠭᠦᠯᠵᠦ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠪᠠ᠃ ᠪᠢᠳᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠶᠢ ᠢᠮᠠᠭᠲᠠ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 248 ᠬᠤᠪᠢ ᠰᠢᠢᠳᠪᠦᠷᠢᠯᠡᠵᠦ᠂ ᠨᠢᠭᠤᠷᠲᠠᠨ ᠬᠠᠷᠢᠭᠤᠯᠤᠭᠰᠠᠨ ᠨᠤᠷᠮ᠎ᠠ᠂ ᠰᠡᠳᠬᠢᠯ ᠬᠠᠨᠤᠮᠵᠢᠲᠠᠶ ᠪᠣᠯᠤᠭᠰᠠᠨ ᠨᠤᠷᠮ᠎ᠠ ᠴᠥᠮ 100%   ᠳᠤ ᠬᠦᠷᠴᠡᠢ᠃  ᠲᠥᠯᠥᠭᠡᠯᠡᠭᠴᠢᠳ ᠠ᠋︕ ᠡᠨᠡ ᠨᠢᠭᠡ ᠵᠢᠯ ᠤᠨ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠣᠭᠰᠠᠨ ᠪᠢᠰᠢ ᠶᠤᠮ᠂ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ᠂ ᠪᠦᠬᠦ ᠰᠢᠶᠠᠨ ᠤ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ᠂ ᠨᠢᠩᠴᠧᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕  ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠵᠢᠶᠠᠯᠠᠵᠤ᠂ ᠠᠷᠠᠳ ᠣᠯᠠᠨ ᠤ ᠬᠦᠰᠡᠯ ᠡᠷᠡᠮᠡᠯᠵᠡᠯ ᠢ ᠪᠠᠷᠢᠮᠵᠢᠶᠠᠯᠠᠵᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ ᠭᠡᠳᠡᠭ ᠢ ᠪᠢᠳᠡ ᠪᠠᠰᠠ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠃ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠥᠮᠥᠨ ᠳᠤᠮᠳᠠᠴᠢ ᠶᠢᠨ ᠬᠢᠷᠢ ᠬᠡᠮᠵᠢᠶ᠎ᠡ ᠳᠣᠣᠷ᠎ᠠ᠂ ᠬᠥᠭᠵᠢᠯᠲᠡ ᠭᠦᠢᠴᠡᠳ ᠪᠤᠰᠤ ᠪᠠᠶᠢᠬᠤ ᠨᠢ ᠮᠥᠨ ᠯᠡ ᠮᠠᠨ ᠤ ᠰᠢᠶᠠᠨ ᠤ ᠬᠠᠮᠤᠭ ᠤᠨ ᠶᠡᠭᠡ ᠵᠥᠷᠢᠴᠡᠯ ᠪᠣᠯᠣᠨ᠎ᠠ᠃ ᠬᠤᠶᠠᠷ ᠲᠤ ᠠᠵᠤ ᠦᠢᠯᠡᠰ ᠤᠨ ᠲᠠᠰ ᠳᠠᠪᠬᠤᠷᠭ᠎ᠠ ᠥᠨᠳᠥᠷ ᠪᠢᠰᠢ᠂ ᠲᠥᠷᠥᠯ ᠵᠦᠢᠯ ᠤᠨ ᠶᠠᠰᠤ ᠴᠢᠨᠠᠷ ᠰᠢᠯᠢᠳᠡᠭ ᠪᠢᠰᠢ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠣᠯᠵᠤ᠂ ᠡᠬᠢ ᠪᠠᠶᠠᠯᠢᠭ ᠣᠷᠴᠢᠨ ᠠᠬᠤᠢ ᠶᠢᠨ ᠬᠢᠵᠠᠭᠠᠷᠯᠠᠯ ᠴᠢᠩᠭᠠᠷᠠᠬᠤ ᠬᠠᠨᠳᠤᠰᠢ ᠲᠠᠢ ᠪᠣᠯᠵᠤ᠂ ᠴᠢᠬᠤᠯᠠ ᠶᠡᠭᠡ ᠵᠦᠢᠯᠡᠰ ᠤᠨ ᠡᠯᠧᠮᠧᠨ᠋ᠲ ᠤᠨ ᠪᠠᠲᠤᠯᠠᠭ᠎ᠠ ᠳᠤ ᠪᠠᠰᠠ ᠮᠠᠰᠢ ᠤᠯᠠᠨ ᠪᠣᠭᠤᠮᠢ ᠬᠢᠵᠠᠭᠠᠷᠯᠠᠯ ᠣᠷᠣᠰᠢᠵᠤ ᠪᠠᠶᠢᠨ᠎ᠠ᠃ ᠳᠥᠷᠪᠡ ᠳᠤ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠥᠷᠢᠲᠦᠯ ᠨᠡᠯᠢᠶᠡᠳ ᠤᠯᠠᠨ ᠪᠠᠶᠢᠵᠤ᠂ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠮᠠᠰᠢ ᠤᠯᠠᠨ ᠳᠤᠲᠠᠭᠤᠳᠠᠯ ᠣᠷᠣᠰᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠵᠡᠷᠭᠡ ᠬᠦᠷᠢᠶᠡᠨ ᠳᠤ ᠴᠥᠭᠡᠨ ᠪᠤᠰᠤ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ᠃ ᠲᠠᠪᠤ ᠳᠤ᠂ ᠣᠨᠴᠠ ᠵᠠᠷᠢᠮ ᠺᠠᠳ᠋ᠷ ᠤᠨ ᠰᠤᠷᠲᠠᠯ ᠢ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠂ ᠵᠣᠷᠢᠭᠲᠠᠢ ᠪᠠᠷ ᠲᠡᠷᠢᠭᠦᠨ ᠳᠤ ᠣᠷᠣᠬᠤ ᠪᠠᠷ ᠴᠢᠷᠮᠠᠶᠢᠬᠤ ᠴᠢᠷᠮᠠᠶᠢᠯᠭ᠎ᠠ ᠶᠢᠨ ᠵᠣᠷᠢᠭ ᠬᠦᠷᠦᠯᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠰᠠᠨᠠᠭᠠᠴᠢᠯᠠᠭᠠᠲᠤ ᠴᠢᠨᠠᠷ ᠬᠦᠷᠦᠯᠴᠡᠬᠦ ᠦᠭᠡᠢ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠤᠯᠠᠨ ᠪᠢᠰᠢ ᠪᠠᠶᠢᠨ᠎ᠠ᠃ ᠡᠭᠦᠨ ᠳᠤ ᠪᠢᠳᠡ ᠯᠠᠪᠲᠠᠢ ᠠᠶᠤᠯ ᠲᠦᠭᠰᠢᠭᠦᠷᠢ ᠠᠴᠠ ᠵᠠᠶᠢᠯᠠᠬᠤ ᠦᠭᠡᠢ ᠪᠠᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠢ ᠰᠢᠢᠳᠪᠦᠷᠢᠯᠡᠨ᠎ᠡ᠃ᠬᠤᠶᠠᠷ᠂ 2024 ᠣᠨ ᠤ ᠭᠤᠣᠯ ᠠᠵᠢᠯ ᠤᠨ ᠡᠭᠦᠷᠭᠡ  2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠪᠤᠭᠤᠮᠲᠠ ᠰᠢᠪᠲᠤᠯᠬᠤ ᠵᠢᠯ᠂ ᠮᠠᠨ ᠤ ᠰᠢᠶᠠᠨ ᠤ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠵᠠᠩᠭᠢᠯᠠᠭ᠎ᠠ ᠶᠢᠨ ᠵᠢᠯ ᠮᠥᠨ ᠪᠣᠯᠬᠤᠷ ᠪᠥᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃  ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠭᠦᠨᠵᠡᠭᠡᠢ ᠬᠡᠷᠡᠭᠵᠢᠭᠦᠯᠵᠦ᠂ ᠰᠡᠳᠬᠢᠯ ᠢᠶᠠᠨ ᠨᠢᠭᠲᠠᠷᠠᠭᠤᠯᠤᠨ ᠲᠡᠷᠢᠭᠦᠨ ᠤ ᠪᠠᠶᠢᠷᠢᠨ ᠳᠤ ᠣᠷᠣᠬᠤ ᠪᠠᠷ ᠴᠢᠷᠮᠠᠶᠢᠵᠤ᠂ ᠠᠵᠤ ᠠᠬᠤᠢ ᠶᠢᠨ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠢᠩᠴᠧᠩ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃  ᠭᠤᠣᠯ ᠵᠢᠱᠢᠭᠰᠡᠨ ᠬᠠᠷᠠᠯᠲᠠ ᠪᠣᠯ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 8% ᠣᠷᠴᠢᠮ ᠢᠶᠠᠷ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25% ᠣᠷᠴᠢᠮ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠠᠳᠠᠯᠢ ᠬᠤᠭᠤᠴᠠᠭᠠᠨ ᠤ  ᠬᠢ ᠠᠴᠠ 7% ᠣᠷᠴᠢᠮ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.5% ᠣᠷᠴᠢᠮ ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 8% ᠪᠠ 9% ᠣᠷᠴᠢᠮ ᠨᠡᠮᠡᠭᠳᠡᠭᠦᠯᠦᠨ᠎ᠡ᠃  ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠵᠢᠷᠭᠤᠭᠠᠨ ᠲᠠᠯ᠎ᠠ ᠶᠢᠨ ᠠᠵᠢᠯ ᠢ ᠲᠣᠪᠤᠶᠢᠯᠭᠠᠨ ᠰᠠᠶᠢᠲᠤᠷ ᠠᠳᠬᠤᠨ᠎ᠠ᠃  ︵ᠨᠢᠭᠡ︶ᠲᠦᠷᠦᠯ ᠵᠦᠢᠯ ᠢ ᠡᠷᠡᠰ ᠭᠤᠶᠢᠪᠢᠰᠢ ᠦᠭᠡᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠤᠨ᠎ᠠ᠃  ︽ᠲᠥᠷᠥᠯ ᠵᠦᠢᠯ ᠢᠶᠠᠷ ᠭᠤᠣᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠨ᠎ᠠ᠃ ︽ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ᠂ ᠲᠦᠷᠦᠯ ᠵᠦᠢᠯ ᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠲᠥᠯᠥᠪᠵᠢᠭᠦᠯᠬᠦ︾ᠢᠯᠡ ᠲᠣᠳᠣ ᠤᠳᠤᠷᠢᠳᠤᠮᠵᠢ ᠶᠢ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠶᠡᠬᠡᠪᠡᠷ ᠠᠳᠬᠤᠬᠤ᠂ ᠲᠣᠮᠣ ᠲᠦᠷᠦᠯ ᠵᠦᠢᠯ ᠢ ᠠᠳᠬᠤᠬᠤ᠂ ᠲᠦᠷᠦᠯ ᠵᠦᠢᠯ ᠢ ᠰᠠᠶᠢᠲᠤᠷ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠤᠯᠭᠠᠨ᠎ᠠ᠃ ᠵᠢᠯ ᠤᠨ ᠳᠣᠲᠣᠷ᠎ᠠ ᠬᠤᠳᠠ ᠶᠢᠨ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ 80 ᠶᠢ ᠬᠡᠷᠡᠭᠵᠢᠭᠦᠯᠵᠦ᠂ 162 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠰᠢᠶᠠᠨ ᠤ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ 93 ᠶᠢ ᠪᠡᠶᠡᠯᠡᠭᠦᠯᠵᠦ᠂ 14 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠲᠣᠭᠤᠷᠢᠨ ᠳᠤ᠂ 5.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠰᠣᠶᠣᠯ᠂ ᠵᠠᠮ ᠬᠠᠷᠢᠯᠴᠠᠭ᠎ᠠ ᠬᠤᠲᠠ ᠶᠢᠨ ᠶᠠᠪᠤᠳᠠᠯ ᠤᠰᠤ ᠬᠠᠩᠭᠠᠬᠤ ᠵᠡᠷᠭᠡ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 10 ᠲᠥᠷᠥᠯ ᠵᠦᠢᠯ ᠢ ᠬᠡᠷᠩᠵᠢᠭᠦᠯᠦᠨ᠎ᠡ ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠨᠢᠭᠡ ᠲᠥᠷᠥᠯ ᠵᠦᠢᠯ ᠳᠤ ᠨᠢᠭᠡ ᠨᠠᠷᠢᠨ ᠲᠠᠩᠰᠠ︾ ᠶᠢᠨ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠥᠯᠥᠪᠯᠡᠭᠡ ᠶᠣᠰᠣᠭᠠᠷ ᠬᠢᠬᠦ ᠶᠣᠰᠣᠲᠠᠢ ᠶᠢ ᠨᠢ ᠪᠦᠬᠦᠨ ᠢ ᠬᠢᠵᠦ᠂ ᠬᠢᠵᠦ ᠳᠡᠶᠢᠯᠬᠦ ᠶᠢ ᠨᠢ ᠲᠦᠷᠭᠡᠨ ᠬᠢᠬᠦ ᠶᠢ ᠦᠨᠡᠨᠬᠦ ᠪᠠᠲᠤᠯᠠᠨ᠎ᠠ᠃ ︽ᠲᠥᠷᠥᠯ ᠵᠦᠢᠯ ᠤᠨ ᠬᠠᠮᠢᠶᠠᠷᠤᠭᠴᠢ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ᠂ ᠰᠢᠮᠳᠠᠭᠤᠯᠤᠨ ᠪᠠᠶᠢᠴᠠᠭᠠᠵᠤ ᠮᠡᠳᠡᠭᠡᠯᠡᠬᠦ ᠵᠡᠷᠭᠡ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠵᠥᠪᠳᠡᠯᠴᠡᠬᠦ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠠᠷᠢᠯᠭ᠎ᠠ ᠳᠠᠭᠤᠰᠤᠭᠰᠠᠨ ᠲᠥᠷᠥᠯ ᠵᠦᠢᠯ ᠢ ᠡᠷᠲᠡᠬᠡᠨ ᠦᠢᠯᠡᠳᠪᠦᠷᠢᠯᠡᠬᠦ ᠶᠢ ᠠᠬᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠬᠡᠬᠦ︾ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃  ᠲᠦᠷᠦᠯ ᠵᠦᠢᠯ ᠤᠨ ᠲᠥᠯᠦᠪᠵᠢᠭᠦᠯᠭᠡ ᠶᠢᠨ ᠨᠥᠭᠡᠴᠡᠯᠡᠯᠲᠡ ᠶᠢ ᠡᠷᠲᠡ ᠠᠴᠠ ᠠᠮᠵᠢᠨ ᠰᠠᠶᠢᠲᠤᠷ ᠬᠢᠨ᠎ᠡ᠃ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠪᠠᠷ ᠭᠤᠣᠯᠳᠠᠭᠤᠯᠵᠤ᠂ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠣᠯᠣᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠲᠡᠦᠬᠡ ᠶᠢᠨ ᠠᠵᠠ ᠲᠣᠬᠢᠶᠠᠯ ᠢ ᠠᠮᠵᠢᠵᠤ᠂ ᠤᠯᠤᠰ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠭᠦᠢᠴᠡᠳ ᠪᠥᠭᠡᠳ ᠠᠮᠢᠳᠤᠯᠢᠭ ᠢᠶᠠᠷ ᠰᠠᠶᠢᠲᠤᠷ ᠬᠡᠷᠡᠭᠯᠡᠨ᠎ᠡ᠃ ᠡᠯ᠎ᠡ ᠲᠥᠷᠥᠯ ᠤᠨ ᠲᠥᠷᠥᠯ ᠵᠦᠢᠯ ᠤᠨ ᠬᠥᠮᠥᠷᠭᠡ ᠶᠢ ᠬᠥᠳᠡᠯᠦᠩᠭᠦᠢ ᠪᠠᠷ ᠰᠢᠨᠡᠳᠬᠡᠨ ᠲᠡᠭᠦᠯᠳᠡᠷᠵᠢᠭᠦᠯᠵᠦ᠂ ︽ᠨᠢᠭᠡ ᠪᠦᠯᠦᠭ ᠢ ᠰᠦᠪᠡᠭᠴᠢᠯᠡᠬᠦ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ ᠪᠦᠯᠦᠭ ᠢ ᠦᠷ᠎ᠡ ᠪᠦᠲᠦᠮᠵᠢ ᠳᠤ ᠬᠦᠷᠦᠭᠦᠯᠬᠦ︾ ᠦᠷᠭᠦᠯᠵᠢᠯᠡᠭᠰᠡᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠲᠠᠰᠤᠷᠠᠯᠲᠠ ᠦᠭᠡᠢ ᠦᠷᠭᠦᠯᠵᠢᠯᠡᠬᠦ᠂ ᠰᠢᠨ᠎ᠡ ᠨᠡᠮᠡᠭᠳᠡᠯ ᠤᠨ ᠴᠡᠭ ᠤᠨ ᠦᠷᠭᠦᠯᠵᠢᠯᠡᠨ ᠴᠣᠯᠭᠤᠷᠠᠨ ᠭᠠᠷᠬᠤ ᠶᠢ ᠦᠨᠡᠨᠬᠦ ᠪᠠᠲᠤᠯᠠᠨ᠎ᠠ᠃  ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭᠠᠴᠢᠨ ᠤᠷᠢᠬᠤ ᠬᠢᠷᠢ ᠴᠢᠳᠠᠮᠵᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠦ ᠦᠢᠯᠡᠰ ᠤᠨ ᠬᠡᠯᠬᠢᠶ᠎ᠡ ᠳᠠᠬᠢ ᠭᠤᠣᠯ ᠠᠵᠤ ᠠᠬᠤᠶᠢᠯᠠᠯ᠂ ᠳᠠᠭᠠᠭᠤᠯᠤᠭᠴᠢ ᠠᠵᠤ ᠠᠬᠤᠶᠢᠯᠠᠯ᠂  ᠲᠡᠷᠢᠭᠦᠨ ᠤ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠲᠢᠶᠠᠨᠵᠢᠨ ᠾᠧᠪᠸᠢ᠂ ᠪᠦᠧᠧᠬᠠᠢ ᠲᠠᠩᠭᠢᠰ ᠢ ᠲᠣᠭᠤᠷᠢᠭᠰᠠᠨ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠲᠠᠢ ᠨᠠᠷᠢᠯᠢᠭ ᠬᠠᠷᠢᠯᠴᠠᠨ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠰᠡᠳᠬᠢᠯᠭᠡ ᠪᠠᠷ ᠠᠷᠠᠯᠵᠢᠶᠠᠴᠢᠨ ᠤᠷᠢᠬᠤ᠂  ᠲᠤᠭᠤᠷᠢᠭ ᠬᠦᠷᠢᠶᠡᠯᠡᠩ ᠢᠶᠠᠷ ᠠᠷᠠᠯᠵᠢᠶᠠᠴᠢᠨ ᠤᠷᠢᠬᠤ᠂ ᠨᠡᠶᠢᠭᠡᠮᠯᠢᠭ ᠢᠶᠠᠷ ᠠᠷᠠᠯᠵᠢᠶᠠᠴᠢᠨ ᠤᠷᠢᠬᠤ ᠶᠢ ᠭᠦᠨᠵᠡᠭᠡᠶᠢᠷᠡᠭᠦᠯᠵᠦ᠂ ᠲᠦᠷᠦ ᠶᠢᠨ ᠪᠣᠳᠣᠯᠭ᠎ᠠ᠂ ᠡᠯᠧᠮᠧᠨ᠋ᠲ᠂ ᠬᠡᠯᠡᠯᠴᠡᠭᠡ᠂ ᠦᠢᠯᠡᠴᠢᠯᠡᠭᠡᠨ ᠤ ︽ᠬᠠᠮ ᠠᠷᠭ᠎ᠠ ᠪᠠᠷᠢᠯ︾ ᠢ ᠰᠠᠶᠢᠲᠤᠷ ᠬᠡᠷᠡᠭᠵᠢᠭᠦᠯᠵᠦ᠂ ᠨᠢᠭᠡ ᠪᠦᠯᠦᠭ ᠰᠠᠶᠢᠨ ᠲᠦᠷᠦᠯ ᠵᠦᠢᠯ ᠢ ᠴᠢᠷᠮᠠᠶᠢᠨ ᠤᠷᠢᠨ ᠠᠪᠴᠢᠷᠠᠨ᠎ᠠ᠃ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠰᠠᠷ᠎ᠠ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠲᠣᠭᠲᠠᠴᠠ ᠶᠢ ᠪᠠᠷᠢᠮᠲᠠᠯᠠᠵᠤ᠂ ᠪᠣᠳᠠᠲᠤ ᠠᠮᠵᠢᠯᠲᠠ ᠪᠠᠷ ᠤᠳᠤᠷᠢᠳᠤᠮᠵᠢ ᠪᠣᠯᠭᠠᠨ ᠰᠢᠯᠭᠠᠨ ᠬᠢᠨᠠᠬᠤ ᠶᠢ ᠴᠢᠩᠭᠠᠷᠠᠭᠤᠯᠤᠨ᠂ ᠬᠡᠯᠡᠯᠴᠡᠭᠡᠷ ᠤᠨ ᠭᠡᠷ᠎ᠡ ᠶᠢ ᠭᠦᠢᠴᠡᠳᠬᠡᠭᠰᠡᠨ ᠨᠣᠷᠮ᠎ᠠ᠂ ᠪᠡᠯᠡ ᠮᠥᠩᠭᠦ ᠶᠢᠨ ᠪᠣᠳᠠᠲᠠᠶᠢᠵᠢᠭᠰᠠᠨ ᠨᠣᠷᠮ᠎ᠠ᠂ ᠠᠵᠢᠯ ᠡᠬᠢᠯᠡᠭᠦᠯᠬᠦ ᠶᠢ ᠶᠡᠷᠦᠩᠬᠡᠶᠢᠯᠡᠨ ᠬᠠᠮᠢᠶᠠᠷᠬᠤ᠂ ᠪᠠᠷᠢᠯᠭ᠎ᠠ ᠳᠠᠭᠤᠰᠬᠠᠬᠤ ᠶᠢ ᠠᠰᠢᠭᠯᠠᠯᠲᠠ ᠳᠤ ᠣᠷᠣᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠵᠢᠯ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 50 ᠠᠴᠠ ᠳᠤᠲᠠᠭᠤ ᠦᠭᠡᠢ ᠣᠷᠣᠭᠤᠯᠤᠨ ᠠᠪᠴᠢᠷᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 60 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠬᠤ ᠪᠠᠷ ᠴᠢᠷᠮᠠᠶᠢᠨ᠎ᠠ᠃  ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠠᠳᠠᠭᠠᠯᠠᠭᠳᠠᠴᠠ ᠶᠢ ᠰᠠᠶᠢᠲᠤᠷ ᠬᠡᠷᠡᠭᠯᠡᠨ᠂ ᠬᠠᠳᠠᠭᠠᠯᠠᠭᠳᠠᠴᠠ ᠶᠢᠨ ᠬᠡᠮᠵᠢᠶ᠎ᠡ ᠶᠢ ᠠᠮᠢᠳᠤᠯᠢᠭ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠪᠣᠭᠤᠮᠢ ᠬᠢᠵᠠᠭᠠᠷᠯᠠᠯ ᠢ ᠰᠢᠢᠳᠪᠦᠷᠢᠯᠡᠵᠦ᠂ ᠬᠠᠮᠤᠭ ᠤᠨ ᠰᠠᠶᠢᠨ ᠬᠠᠮᠤᠭ ᠤᠨ ᠰᠢᠯᠢᠳᠡᠭ ᠲᠥᠷᠥᠯ ᠵᠦᠢᠯ ᠳᠤ ᠬᠠᠮᠤᠭ ᠤᠨ ᠰᠢᠯᠢᠳᠡᠭ ᠬᠠᠮᠤᠭ ᠤᠨ ᠲᠦᠷᠭᠡᠨ ᠬᠦᠴᠦᠨ ᠵᠦᠢᠯ ᠤᠨ ᠲᠣᠬᠢᠷᠠᠭᠤᠯᠤᠯᠲᠠ ᠶᠢ ᠣᠯᠭᠤᠨ᠎ᠠ᠃ ᠤᠷᠳᠤ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠲᠠᠷᠠᠭ᠎ᠠ ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠵᠡᠷᠭᠡ ᠭᠠᠵᠠᠷ ᠰᠢᠷᠣᠢ ᠬᠠᠩᠭᠠᠬᠤ ᠠᠷᠭ᠎ᠠ ᠮᠠᠶ᠋ᠢᠭ ᠢ ᠬᠡᠷᠡᠭᠯᠡᠬᠦ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠡᠭᠡᠭᠡᠨ ᠬᠥᠭᠵᠢᠭᠦᠯᠬᠦ ᠣᠷᠣᠨ ᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠲᠤ ︽ᠪᠠᠷᠢᠮᠵᠢᠶᠠᠲᠤ ᠭᠠᠵᠠᠷ︾ ᠢᠶᠠᠷ ᠭᠠᠵᠠᠷ ᠬᠠᠩᠭᠠᠬᠤ ᠵᠠᠭᠪᠤᠷ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠳᠡᠭᠡᠳᠦ ᠱᠠᠲᠤᠨ ᠤ ᠲᠥᠰᠥᠪ ᠤᠨ ᠳᠣᠲᠣᠷᠠᠬᠢ ᠪᠡᠯᠡ ᠮᠥᠩᠭᠦ᠂ ᠡᠩ ᠤᠨ ᠵᠢᠭᠡᠯᠡᠯᠭᠡ ᠶᠢᠨ ᠲᠡᠮᠳᠡᠭᠲᠦ ᠪᠠ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠤᠯᠤᠰ ᠤᠨ ᠵᠢᠭᠡᠯᠡᠯᠭᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠵᠡᠷᠭᠡ ᠡᠯ᠎ᠡ ᠲᠥᠷᠥᠯ ᠤᠨ ᠪᠡᠯᠡ ᠮᠥᠩᠭᠦ ᠶᠢᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ ᠤᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ 2000 ᠮᠦ ᠭᠠᠵᠠᠷ ᠰᠢᠷᠣᠢ ᠶᠢ ᠲᠠᠲᠠᠪᠤᠷᠢᠯᠠᠨ ᠨᠥᠭᠡᠴᠡᠯᠡᠬᠦ ᠶᠢ ᠪᠡᠶᠡᠯᠡᠭᠦᠯᠵᠦ᠂ ᠵᠠᠮ ᠢ ᠬᠠᠲᠠᠭᠤᠷᠠᠭᠤᠯᠤᠨ ᠭᠡᠷᠡᠯᠲᠦᠭᠦᠯᠬᠦ᠂ ᠪᠣᠷᠣᠭᠠᠨ ᠤ ᠤᠰᠤ ᠪᠤᠬᠢᠷ ᠤᠰᠤ ᠶᠢᠨ ᠬᠤᠭᠤᠯᠠᠢ ᠶᠢᠨ ᠲᠣᠣᠷ᠂ ᠲᠤᠰᠬᠠᠢ ᠲᠡᠷᠭᠡ ᠵᠣᠭᠰᠤᠭᠠᠬᠤ ᠦᠢᠯᠡᠴᠢᠯᠡᠭᠡᠨ ᠤ ᠲᠣᠭᠤᠷᠢᠭ ᠵᠡᠷᠭᠡ 14 ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠳ᠋ᠠ ᠬᠡᠦ ᠱᠢ ᠤᠰᠤᠨ ᠴᠥᠭᠦᠷᠥᠮ ᠤᠨ ᠤᠰᠤ ᠬᠠᠩᠭᠠᠬᠤ ᠢᠨᠵᠧᠨᠧᠷᠢᠩ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠬᠢᠨᠠᠯᠲᠠ ᠶᠢ ᠦᠩᠭᠡᠷᠡᠭᠦᠯᠬᠦ ᠶᠢ ᠦᠨᠡᠨᠬᠦ ᠪᠠᠲᠤᠯᠠᠨ᠎ᠠ᠃  ᠬᠠᠮᠲᠤᠷᠠᠯ ᠤᠨ ᠬᠦᠴᠦᠨ ᠢ ᠨᠢᠭᠲᠠᠷᠠᠭᠤᠯᠵᠤ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢ ᠬᠠᠮᠲᠤᠪᠠᠷ ᠡᠭᠦᠳᠦᠨ᠎ᠡ᠃ ︽ᠬᠥᠮᠥᠨ ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠬᠥᠮᠥᠨ ᠪᠦᠬᠦᠨ ᠴᠥᠮ ᠨᠢᠩᠴᠧᠩ ᠤᠨ ᠳᠦᠷᠢ ᠲᠥᠷᠬᠦ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠤᠨ ᠪᠥᠬᠦ ᠦᠶᠡᠯᠡᠯ ᠤᠨ ᠬᠤᠭᠤᠴᠠᠭ᠎ᠠ᠂ ᠪᠥᠬᠦ ᠬᠡᠯᠬᠢᠶᠡᠵᠢᠭᠰᠡᠨ ᠦᠢᠯᠡᠴᠢᠯᠡᠭᠡ ᠶᠢ ᠬᠡᠷᠡᠭᠵᠢᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠠᠰᠠᠭ ᠤᠨ ᠣᠷᠳᠣᠨ ᠲᠦᠷᠦᠭᠦᠯᠡᠨ ᠦᠨᠡᠨᠴᠢ ᠢᠲᠡᠭᠡᠮᠵᠢ ᠶᠢ ᠡᠷᠬᠢᠮᠯᠡᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠬᠤᠶᠠᠷ ᠰᠢᠯᠢᠳᠡᠭ︾ ᠤᠨ ᠦᠷ᠎ᠡ ᠪᠦᠲᠦᠭᠡᠯ ᠢ ᠪᠠᠬᠢᠵᠢᠭᠦᠯᠵᠦ᠂ ︽ᠳᠥᠷᠪᠡ ᠶᠢ ᠡᠷᠭᠢᠯᠡᠬᠦ︾ ᠦᠢᠯᠡᠴᠢᠯᠡᠭᠡ ᠶᠢ ᠥᠷᠭᠡᠳᠬᠡᠨ᠂ ︽ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ᠂ ᠴᠠᠭ ᠢ ᠪᠠᠭᠠᠰᠬᠠᠬᠤ︾ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠥᠷᠨᠢᠭᠦᠯᠬᠦ ᠶᠢ ᠶᠡᠬᠡᠪᠡᠷ ᠳᠡᠮᠵᠢᠵᠦ᠂ ᠭᠤᠣᠯᠯᠠᠬᠤ ᠥᠷᠢᠰᠦᠯᠳᠦᠬᠦ ᠬᠦᠴᠦᠨ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠢ ᠭᠦᠨᠵᠡᠭᠡᠢ ᠨᠠᠶᠢᠳᠠᠪᠤᠷᠢᠵᠢᠭᠤᠯᠵᠤ᠂ ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠨᠠᠩ ᠳᠤᠯᠠᠭᠠᠬᠠᠨ ᠪᠣᠯᠭᠠᠨ᠎ᠠ᠃ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠪᠡᠯᠡ ᠲᠣᠬᠢᠷᠠᠭᠤᠯᠬᠤ᠂ ᠪᠦᠲᠦᠭᠡᠨ ᠪᠠᠶᠢᠭᠤᠯᠬᠤ᠂ ᠠᠵᠢᠯᠴᠢᠨ ᠬᠡᠷᠡᠭᠯᠡᠬᠦ ᠵᠡᠷᠭᠡ ᠡᠯ᠎ᠡ ᠲᠠᠯ᠎ᠠ ᠶᠢᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠳᠣᠲᠣᠨᠣ ᠪᠥᠭᠡᠳ ᠴᠡᠪᠡᠷ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠤᠨ᠎ᠠ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 12345 ᠬᠠᠯᠠᠮᠰᠢᠯ ᠤᠲᠠᠰᠤ ᠶᠢ ᠨᠡᠩ ᠲᠦᠷᠭᠡᠨ ᠵᠠᠯᠭᠠᠵᠤ᠂ ᠨᠡᠩ ᠣᠨᠣᠪᠴᠢᠲᠠᠶ ᠬᠤᠪᠢᠶᠠᠨ ᠥᠭᠴᠦ᠂ ᠨᠡᠩ ᠪᠣᠳᠠᠲᠠᠢ ᠪᠠᠷ ᠭᠦᠢᠴᠳᠭᠡᠨ᠎ᠡ᠃︵ᠬᠤᠶᠠᠷ︶  ᠬᠡᠯᠬᠢᠶ᠎ᠡ ᠶᠢ ᠭᠤᠶᠢᠪᠢᠰᠢ ᠦᠭᠡᠢ ᠪᠠᠷ ᠴᠢᠩᠭᠠᠳᠬᠠᠵᠤ᠂ ᠰᠦᠷᠦᠭᠵᠢᠯ ᠢ ᠪᠠᠶᠢᠭᠤᠯᠤᠨ᠂ ᠣᠨᠴᠠᠯᠢᠭᠲᠤ ᠠᠵᠤ ᠦᠢᠯᠡᠰ ᠤᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ ᠨᠠᠩ ᠶᠡᠭᠡ ᠨᠥᠯᠥᠭᠡᠯᠡᠬᠦ ᠬᠦᠴᠦᠨ ᠲᠠᠢ ᠠᠵᠤ ᠦᠢᠯᠡᠳᠪᠦᠷᠢ ᠶᠢᠨ ᠰᠦᠷᠦᠭᠵᠢᠯ ᠢ ᠪᠣᠶ ᠪᠣᠯᠭᠠᠨ᠎ᠠ᠃ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠪᠠ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠬᠤᠷᠠᠭᠤᠯᠬᠤ᠂ ᠠᠵᠤ ᠦᠢᠯᠡᠰ ᠢ ᠢᠵᠢ ᠪᠦᠷᠢᠳᠦᠭᠦᠯᠬᠦ᠂ ᠬᠦᠴᠦᠨ ᠵᠦᠢᠯ ᠤᠨ ᠪᠠᠲᠤᠯᠠᠭ᠎ᠠ ᠵᠡᠷᠭᠡ ᠡᠯ᠎ᠡ ᠲᠠᠯ᠎ᠠ ᠶᠢᠨ ᠳᠠᠪᠠᠭᠤᠯᠢᠭ ᠢ ᠪᠠᠷᠢᠮᠲᠠᠯᠠᠨ᠂ ᠠᠵᠤ ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠢᠳᠡᠭᠡᠨ ᠡᠳ᠋ᠰᠢᠭᠦᠯᠬᠦ ᠭᠤᠷᠪᠠᠨ ᠠᠵᠤ ᠦᠢᠯᠡᠰ ᠤᠨ ᠪᠥᠭᠡᠮᠨᠡᠷᠡᠯ ᠢ ᠲᠥᠪᠯᠡᠷᠡᠭᠦᠯᠦᠨ ᠪᠣᠶ ᠪᠣᠯᠭᠠᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 240 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠪᠣᠯᠣᠳ ᠲᠡᠮᠦᠷ ᠲᠡᠮᠦᠷᠯᠢᠭ ᠤᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠬᠤ ᠶᠢᠨ ᠲᠣᠭᠤᠷᠢᠨ ᠳᠤ᠂ ᠵᠥᠩ ᠲᠠᠩ ᠤᠨ ᠣᠨᠴᠠ ᠲᠥᠷᠥᠯ ᠤᠨ ᠪᠣᠯᠣᠳ ᠲᠡᠮᠦᠷ ᠤᠨ ᠺᠣᠮᠫᠠᠨᠢ ᠶᠢᠨ 200 ᠲᠦᠮᠡᠨ ᠲᠣᠨ ᠤ ᠬᠦᠢᠲᠡᠨ ᠬᠡᠪᠰᠢᠭᠦᠯᠭᠡ ᠶᠢᠨ ᠴᠠᠶᠢᠷ ᠢᠶᠠᠷ ᠥᠩᠭᠡᠯᠡᠬᠦ᠂ ᠲᠡᠮᠦᠷᠯᠢᠭ ᠤᠨ ᠲᠣᠭᠤᠰᠣ ᠰᠢᠷᠣᠢ ᠶᠢ ᠡᠷᠭᠢᠯᠳᠦᠭᠦᠯᠦᠨ ᠠᠰᠢᠭᠯᠠᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠥᠩ ᠲᠠᠩ ᠤᠨ ᠣᠨᠴᠠ ᠲᠥᠷᠥᠯ ᠤᠨ ᠪᠣᠯᠣᠳ ᠲᠡᠮᠦᠷ ᠤᠨ ᠭᠠᠷᠤᠯᠲᠠ ᠶᠢ 330 ᠲᠦᠮᠡᠨ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠵᠢᠶᠠᠨ ᡁᠢ ᠰᠢᠨᠵᠢᠯᠡᠬᠦ ᠤᠬᠠᠭᠠᠨ ᠮᠡᠷᠭᠡᠵᠢᠯ ᠤᠨ ᠳᠦᠭᠦᠷᠡᠩ ᠳᠠᠭᠠᠭᠠᠴᠠ ᠲᠠᠢ ᠦᠢᠯᠡᠳᠪᠦᠷᠢᠯᠡᠯ ᠢ ᠢᠳᠡᠪᠬᠢᠲᠡᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠬᠤ ᠶᠢᠨ ᠲᠣᠭᠤᠷᠢᠨ ᠳᠤ᠂ 167 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠪᠣᠯᠣᠳ ᠬᠡᠦᠷᠰᠢᠭᠦᠯᠬᠦ ᠰᠢᠨ᠎ᠡ ᠡᠨᠧᠷᠭᠢ ᠶᠢᠨ ᠪᠣᠬᠢᠷᠲᠤᠯ ᠦᠭᠡᠢ ᠣᠷᠴᠢᠯ ᠠᠵᠤ ᠠᠬᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ 600 ᠲᠦᠮᠡᠨ ᠲᠣᠨ ᠬᠡᠦᠷᠡᠰᠦ᠂ 30 ᠲᠦᠮᠡᠨ ᠲᠣᠨ ᠨᠡᠭᠦᠷᠡᠰᠦᠨ ᠬᠡᠦᠳᠡᠰᠦ ᠶᠢ ᠶᠡᠷᠦᠩᠬᠡᠶᠢᠯᠡᠨ ᠠᠰᠢᠭᠯᠠᠬᠤ᠂ 40 ᠲᠦᠮᠡᠨ ᠲᠣᠨ ᠮᠧᠲ᠋ᠢᠯ ᠠᠯᠺᠣᠣᠯ ᠵᠡᠷᠭᠡ ᠲᠥᠷᠥᠯ ᠵᠦᠢᠯ ᠢ ᠠᠯᠢ ᠲᠦᠷᠭᠡᠨ ᠢᠶᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠬᠤᠸᠠ ᠾᠧᠩ ᠠᠮᠢᠳᠤ ᠪᠣᠳᠠᠰ ᠤᠨ ᠵᠢᠯ ᠳᠤ 2.5 ᠲᠦᠮᠡᠨ ᠲᠣᠨ ᠸᠠᠯᠢᠨ ᠰᠢᠪᠲᠦᠷᠲᠦ ᠬᠦᠴᠢᠯ ᠤᠨ ᠨᠠᠷᠢᠯᠢᠭ ᠰᠢᠪᠲᠦᠷᠲᠦ ᠬᠦᠴᠢᠯ᠂ ᠷᠦᠨ ᠪᠠᠩ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 20 ᠲᠦᠮᠡᠨ ᠲᠣᠨ ᠺᠠᠯᠼ ᠤᠨ ᠨᠤᠨᠳᠠᠭ ᠦᠢᠯᠡᠳᠪᠦᠷᠢᠯᠡᠬᠦ᠂ ᠪᠧᠢ ᠰᠢᠶᠠᠩ ᠠᠭᠤᠷᠬᠠᠢ ᠶᠢᠨ ᠦᠢᠯᠡᠰ ᠤᠨ ᠬᠦᠳᠡᠷ ᠰᠢᠯᠢᠬᠦ ᠡᠮ ᠨᠠᠶᠢᠷᠠᠭᠤᠯᠬᠤ ᠵᠡᠷᠭᠡ ᠲᠥᠷᠥᠯ ᠵᠦᠢᠯ ᠢ ᠲᠤᠬᠠᠢ ᠶᠢᠨ ᠵᠢᠯ ᠳᠤ ᠪᠠᠶᠢᠭᠤᠯᠵᠤ᠂ ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠮᠤᠤᠷ ᠤᠨ ᠡᠯᠡᠰᠦᠨ ᠤ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ ᠬᠥᠭᠵᠢᠭᠦᠯᠵᠦ᠂ ᠬᠥᠪᠰᠥᠭᠡᠷ ᠰᠢᠷᠣᠢ ᠶᠢᠨ ᠰᠤᠳᠤᠯᠤᠨ ᠨᠡᠭᠡᠭᠡᠬᠦ ᠲᠥᠪ᠂ ᠡᠩᠬᠦᠷᠡᠢ ᠠᠮᠢᠲᠠᠨ ᠤ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠮᠤᠤᠷ ᠤᠨ ᠡᠯᠡᠰᠦᠨ ᠤ ᠭᠠᠷᠤᠯᠲᠠ ᠶᠢ 200 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠰᠦᠷᠦᠭᠵᠢᠯ ᠢ ᠪᠤᠶ ᠪᠣᠯᠭᠠᠬᠤ  ᠪᠠᠷ ᠭᠤᠣᠯᠳᠠᠭᠤᠯᠵᠤ᠂ ︽ᠪᠡᠭᠡᠵᠢᠩ ᠲᠢᠶᠠᠨᠵᠢᠨ ᠾᠧᠪᠧᠢ ᠳᠤ ᠬᠠᠨᠳᠤᠭᠤᠯᠤᠭᠰᠠᠨ ᠤᠷᠢᠳᠴᠢᠯᠠᠨ ᠬᠢᠭᠰᠡᠨ ᠨᠣᠭᠤᠭ᠎ᠠ ᠪᠣᠯᠪᠠᠰᠤᠷᠠᠭᠤᠯᠬᠤ ᠲᠥᠪ ᠪᠠ ᠲᠥᠪ ᠲᠣᠭᠤᠭᠠᠨ ᠭᠡᠷ︾ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠡᠭᠡᠵᠢᠩ ᠤᠨ ᠵᠢᠢ ᠤᠣ ᠴᠡᠪᠡᠷ ᠨᠣᠭᠤᠭ᠎ᠠ ᠡᠳ᠋ᠰᠢᠭᠦᠯᠬᠦ᠂ ᠪᠡᠭᠡᠵᠢᠩ ᠤᠨ ᠴᠢᠶᠠᠨ ᠰᠢ ᠾᠧ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠠᠢ ᠮᠦ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠨᠡᠮᠡᠯᠲᠡ ᠡᠳ᠋ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂  ᠳ᠋ᠦᠩ ᠹᠠᠩ ᠸᠠᠨ ᠴᠢ 2 ᠲᠦᠮᠡᠨ ᠲᠣᠨ ᠦᠬᠡᠷ ᠤᠨ ᠮᠢᠬ᠎ᠠ ᠶᠢ ᠨᠠᠷᠢᠯᠢᠭ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠵᠤ᠂ ᠰᠢᠶᠠᠨ ᠡᠯ ᠺᠠᠩ ᠢᠳᠡᠭᠡᠨ᠂ ᠲᠦᠩ ᠹᠦ᠋ ᠤᠷᠢᠳᠴᠢᠯᠠᠨ ᠬᠢᠭᠰᠡᠨ ᠨᠣᠭᠤᠭ᠎ᠠ᠂ ᠬᠠᠨ ᠳ᠋ᠢ ᠳᠠᠷᠤᠰᠢᠯᠠᠭᠰᠠᠨ ᠨᠣᠭᠤᠭ᠎ᠠ᠂ ᠢ ᠬᠤᠸ ᠠᠯᠠᠰᠢᠨ ᠬᠤᠨᠢ ᠶᠢ ᠨᠠᠷᠢᠯᠢᠭ ᠡᠳ᠋ᠰᠢᠭᠦᠯᠬᠦ᠂  ᠮᠧᠩ ᠰᠥᠩ ᠵᠢᠮᠢᠰ ᠨᠣᠭᠤᠭ᠎ᠠ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠬᠠᠷ᠎ᠠ ᠠᠷᠢᠬᠢᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠶᠠᠨᠵᠢᠩ ᠫᠢᠸᠤ᠋ ᠶᠢᠨ ᠭᠠᠷᠤᠯᠲᠠ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠰᠠᠢ ᠹᠧᠢ ᠶᠠ ᠶᠢᠨ ᠲᠣᠭᠲᠠᠭᠤᠨ ᠢᠶᠠᠷ ᠦᠢᠯᠡᠳᠪᠦᠷᠢᠯᠡᠬᠦ ᠶᠢ ᠳᠡᠮᠵᠢᠨ᠎ᠡ᠃   ᠨᠡᠩ ᠶᠡᠭᠡ ᠲᠦᠯᠬᠢᠴᠡ ᠬᠦᠴᠦᠨ ᠲᠠᠢ ᠰᠢᠨ᠎ᠡ ᠡᠨᠧᠷᠭᠢ ᠶᠢᠨ ᠠᠵᠤ ᠦᠢᠯᠡᠰ ᠢ ᠪᠤᠢ ᠪᠣᠯᠭᠠᠨ᠎ᠠ᠃ ᠰᠢᠨ᠎ᠡ ᠡᠨᠧᠷᠭᠢ ᠶᠢᠨ ᠲᠥᠷᠥᠯ ᠵᠦᠢᠯ ᠢ ᠴᠢᠩᠭ᠎ᠠ ᠠᠳᠬᠤᠵᠤ᠂ ᠡᠨᠧᠷᠭᠢ ᠬᠡᠷᠡᠭᠯᠡᠬᠦ ᠪᠦᠲᠦᠴᠡ ᠶᠢᠨ ᠲᠣᠬᠢᠷᠠᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠡᠨᠧᠷᠭᠢ ᠬᠢᠭᠡᠳ ᠪᠣᠯᠣᠳ ᠲᠡᠮᠦᠷ ᠲᠡᠮᠦᠷᠯᠢᠭ ᠬᠠᠶᠢᠯᠤᠭᠤᠯᠬᠤ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠡᠷᠢᠭᠦᠨ ᠤ ᠪᠣᠬᠢᠷᠲᠤᠯ ᠦᠭᠡᠢ ᠥᠨᠳᠥᠷ ᠠᠴᠢᠶᠠᠲᠤ ᠡᠨᠧᠷᠭᠢ ᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠨ᠎ᠠ᠃  ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠳ᠋ᠠ ᠬᠡᠦ ᠱᠢ ᠤᠰᠤᠨ ᠴᠥᠭᠦᠷᠥᠮ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠷᠥᠯ ᠵᠦᠢᠯ ᠤᠨ ᠨᠠᠷᠢᠨ ᠬᠠᠭᠤᠳᠠᠰᠤᠨ ᠳᠤ ᠵᠢᠭᠰᠠᠭᠠᠨ ᠣᠷᠣᠭᠤᠯᠬᠤ ᠪᠠᠷ ᠴᠢᠷᠮᠠᠶᠢᠵᠤ᠂ 2024 ᠣᠨ ᠳᠤ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠶᠢᠨ ᠬᠠᠮᠲᠤ ᠲᠠᠲᠠᠪᠤᠷᠢᠯᠠᠨ ᠨᠤᠷᠠᠭᠠᠬᠤ ᠠᠵᠢᠯ ᠢ ᠵᠡᠷᠭᠡᠪᠡᠷ ᠥᠷᠨᠢᠭᠦᠯᠬᠦ ᠪᠠᠷ ᠴᠢᠷᠮᠠᠶᠢᠨ᠎ᠠ᠃ ᠨᠡᠩ ᠶᠡᠭᠡ ᠥᠷᠢᠰᠦᠯᠳᠦᠬᠦ ᠬᠦᠴᠦᠨ ᠲᠠᠢ ᠤᠳᠤ ᠦᠶ᠎ᠡ ᠶᠢᠨ ᠲᠠᠷᠢᠶᠠᠯᠠᠩ ᠢ ᠪᠤᠢ ᠪᠣᠯᠭᠠᠨ᠎ᠠ᠃  ᠲᠥᠬᠦᠭᠡᠷᠤᠮᠵᠢᠲᠦ ᠲᠠᠷᠢᠶᠠᠯᠠᠩ ᠢ ᠪᠠᠷᠢᠮᠵᠢᠶᠠᠵᠢᠭᠤᠯᠬᠤ᠂ ᠲᠣᠭᠠᠵᠢᠭᠤᠯᠬᠤ᠂ ᠤᠶᠤᠨᠵᠢᠭᠤᠯᠬᠤ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠺᠠᠢ ᠱᠧᠩ ᠬᠤᠸ ᠹᠧᠩ᠂ ᠵᠢᠶᠠᠩᠰᠤ ᠶᠢᠨ ᠯᠢᠦᠢ ᠭᠠᠩ ᠣᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠹᠧᠩ ᠮᠠ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠲᠤ ᠲᠠᠷᠢᠶᠠᠯᠠᠩ ᠤᠨ ᠰᠤᠳᠤᠯᠭᠠᠨ ᠤ ᠰᠠᠭᠤᠷᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠲᠣᠮᠣ ᠳ᠋ᠠᠶᠢᠲ᠋ᠠ ᠶᠢᠨ ᠲᠥᠪ ᠵᠡᠷᠭᠡ ᠨᠢᠭᠡ ᠪᠦᠯᠦᠭ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠲᠥᠷᠥᠯ ᠵᠦᠢᠯ ᠢ ᠡᠬᠢᠯᠡᠭᠦᠯᠵᠦ᠂ ᠱᠠᠨᠳᠦ᠋ᠩ ᠤᠨ ᠸᠠᠩ ᠵᠢᠶᠠᠨ ᠣᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠲᠥᠬᠦᠭᠡᠷᠤᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 4 ᠲᠦᠮᠡᠨ ᠮᠦ ᠶᠢᠨ ᠬᠠᠭᠤᠴᠢᠨ ᠪᠠ ᠬᠠᠭᠤᠴᠢᠨ ᠫᠧᠩ ᠲᠣᠭᠤᠷᠢᠭ ᠤᠨ ︽ᠲᠦᠭᠡᠮᠡᠯᠵᠢᠭᠦᠯᠬᠦ ᠬᠡᠯᠪᠡᠷᠢ︾ ᠶᠢᠨ ᠥᠭᠡᠷᠡᠴᠢᠯᠡᠯᠲᠡ ᠶᠢ ᠴᠢᠷᠮᠠᠶᠢᠨ ᠪᠡᠶᠡᠯᠡᠭᠦᠯᠵᠦ᠂ 1 ᠲᠦᠮᠡᠨ ᠮᠦ ᠶᠢᠨ ︽ᠲᠠᠰ ᠳᠡᠪᠰᠢᠭᠦᠯᠬᠦ ᠬᠡᠯᠪᠡᠷᠢ︾ ᠶᠢᠨ ᠥᠭᠡᠷᠡᠴᠢᠯᠡᠯᠲᠡ ᠶᠢ ᠴᠢᠷᠮᠠᠶᠢᠨ ᠪᠡᠶᠡᠯᠡᠭᠦᠯᠵᠦ᠂ 30 ᠲᠦᠮᠡᠨ ᠲᠡᠭᠰᠢ ᠳᠥᠷᠪᠡᠯᠵᠢᠨ ᠮᠧᠲᠷ ᠤᠨ ︽ᠳᠡᠭᠡᠳᠦ ᠦᠵᠦᠭᠦᠷ ᠤᠨ ᠬᠡᠯᠪᠡᠷᠢ︾ ᠶᠢ ᠰᠢᠨ᠎ᠡ ᠪᠠᠷ ᠪᠠᠶᠢᠭᠤᠯᠵᠤ᠂ 2 ᠲᠦᠮᠡᠨ ᠮᠦ ᠶᠢᠨ ᠬᠦᠢᠲᠡᠨ ᠫᠧᠩ ᠰᠠᠷᠠᠪᠴᠢ ᠰᠢᠨ᠎ᠡ ᠪᠠᠷ ᠪᠠᠶᠢᠭᠤᠯᠵᠤ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠪᠥᠬᠦ ᠤᠯᠤᠰ ᠤᠨ ᠣᠲᠣ ᠦᠶ᠎ᠡ ᠶᠢᠨ ᠲᠥᠬᠦᠭᠡᠷᠤᠮᠵᠢᠲᠦ ᠲᠠᠷᠢᠶᠠᠯᠠᠩ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠣᠷᠣᠨ ᠢ ᠴᠢᠷᠮᠠᠶᠢᠨ ᠪᠠᠶᠢᠭᠤᠯᠤᠨ᠎ᠠ᠃ ᠵᠢᠮᠢᠰ ᠤᠨ ᠮᠣᠳᠣᠨ ᠠᠵᠤ ᠠᠬᠤᠢ ᠶᠢᠨ ᠣᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠥᠭᠡᠷᠡᠴᠢᠯᠡᠯᠲᠡ ᠶᠢ 1 ᠲᠦᠮᠡᠨ ᠮᠦ ᠬᠢᠵᠦ᠂  ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠴᠢᠳᠠᠪᠤᠷᠢ ᠶᠢ 4 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠂ ︽ᠣᠶᠤᠨᠲᠤ ᠨᠢᠩᠴᠧᠩ ᠤᠨ ᠵᠢᠮᠢᠰ︾ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠ ᠬᠢᠲᠠᠳ ᠡᠮ ᠤᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ 500 ᠠᠴᠠ ᠳᠡᠭᠡᠭᠰᠢ ᠬᠡᠪᠴᠢᠶᠡᠵᠢᠭᠰᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠣᠭᠤᠷᠢᠭ ᠢ 20 ᠰᠢᠨ᠎ᠡ ᠪᠠᠷ ᠪᠠᠶᠢᠭᠤᠯᠵᠤ᠂ 2 ᠲᠦᠮᠡᠨ ᠠᠯᠠᠰᠢᠨ ᠦᠬᠡᠷ ᠰᠢᠨ᠎ᠡ ᠪᠠᠷ ᠨᠡᠮᠡᠭᠳᠡᠭᠦᠯᠦᠨ᠂ ᠭᠦᠸᠧ ᠬᠠᠢ ᠴᠤᠸᠠᠩ ᠯᠢᠶᠠᠨ ᠪᠦᠯᠦᠭᠯᠡᠯ ᠤᠨ ᠪᠥᠬᠦ ᠬᠤᠲᠠ ᠶᠢᠨ ᠠᠩᠬᠠᠳᠠᠭᠴᠢ ᠠᠩᠭᠧᠰ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠠᠯᠠᠪᠠᠶ ᠪᠠᠶᠢᠭᠤᠯᠬᠤ ᠶᠢ ᠳᠡᠮᠵᠢᠵᠦ᠂ ᠨᠢᠭᠡ ᠪᠦᠯᠦᠭ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠲᠦᠷᠭᠡᠳᠬᠡᠨ᠎ᠡ᠃ ︽ᠨᠢᠩᠴᠧᠩ ᠤᠨ ᠵᠢᠮᠢᠰ︾ ᠤᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠪᠣᠬᠢᠷᠲᠤᠯ ᠦᠭᠡᠢ ᠣᠷᠭᠠᠨᠢᠭ᠂ ᠨᠠᠷᠠᠲᠤ ᠣᠨᠴᠠ ᠰᠢᠯᠢᠳᠡᠭ ᠰᠢᠨ᠎ᠡ ᠵᠡᠷᠭᠡ 5 ᠦᠢᠯᠡᠳᠬᠦᠨ ᠤ ᠭᠡᠷᠡᠴᠢᠯᠡᠭᠡ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠠᠮᠠᠯᠠᠯᠲᠠ ᠶᠢᠨ ᠪᠠᠷᠢᠮᠵᠢᠶ᠎ᠠ ᠳᠤ ᠬᠦᠷᠴᠦ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠭᠤᠯᠠᠩ ᠰᠢᠶᠠᠨ ᠢ ᠢᠳᠠᠪᠬᠢᠲᠠᠢ ᠡᠭᠦᠳᠦᠨ᠎ᠡ᠃  ᠨᠡᠩ ᠢᠯᠡᠭᠦᠦ ᠲᠠᠲᠠᠬᠤ ᠬᠦᠴᠦᠨ ᠲᠠᠢ ᠵᠢᠭᠤᠯᠴᠢᠯᠠᠯ ᠤᠨ ᠠᠵᠤ ᠦᠢᠯᠡᠰ ᠢ ᠪᠤᠢ ᠪᠣᠯᠭᠠᠨ᠎ᠠ᠃ ᠤᠯᠤᠰ ᠤᠨ ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠶᠠᠨᠱᠠᠨ ᠠᠭᠤᠯᠠ ᠶᠢᠨ ᠠᠷᠤ ᠬᠤᠷᠮᠣᠢ · ᠵᠠᠭᠤᠨ ᠭᠠᠵᠠᠷ ᠤᠨ ᠵᠢᠷᠤᠭ ᠤᠨ ᠬᠤᠩᠭᠢᠯ ᠢ ᠴᠣᠭᠴᠠᠯᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠲᠠᠷᠢᠶᠠᠯᠠᠩ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠤᠨ᠂ ᠵᠢᠭᠤᠯᠴᠢᠯᠠᠯ ᠤᠨ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠵᠦ᠂ ᠨᠢᠩᠴᠧᠩ ᠢ ᠪᠡᠭᠡᠵᠢᠩ ᠲᠢᠶᠠᠨᠵᠢᠨ ᠾᠧᠪᠧᠢ ᠵᠢᠴᠢ ᠡᠷᠬᠢᠨ ᠲᠣᠭᠤᠷᠢᠨ ᠤ   ᠥᠪᠡᠷᠲᠡᠭᠡᠨ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠠᠶᠢᠨ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠳ᠋ᠣᠣ ᠰᠢᠦᠢ ᠭᠧᠦ ᠶᠢᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ᠂ ᠬᠤᠷᠬᠤᠭ ᠭᠤᠣᠯ ᠤᠨ ᠤᠰᠤᠨ ᠳᠡᠭᠡᠷᠡᠬᠢ ᠲᠠᠮᠢᠷ ᠤᠨ ᠬᠥᠳᠡᠯᠭᠡᠭᠡᠨ ᠤ ᠵᠢᠵᠢᠭ ᠪᠠᠯᠭᠠᠰᠤ ᠵᠡᠷᠭᠡ ᠭᠤᠣᠯ ᠦᠵᠡᠮᠵᠢ ᠶᠢᠨ ᠣᠷᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠷᠬᠤᠭ ᠭᠤᠣᠯ ᠤᠨ ᠠᠷᠠᠳ ᠤᠨ ᠣᠷᠣᠨ ᠰᠠᠭᠤᠴᠠ ᠶᠢᠨ ᠴᠤᠭᠯᠠᠷᠠᠯ ᠤᠨ ᠬᠤᠶᠠᠳᠤᠭᠠᠷ ᠬᠤᠭᠤᠴᠠᠭ᠎ᠠ᠂ ᠨᠢᠩᠴᠧᠩ ᠤᠨ ᠮᠦᠽᠧᠢ᠂ ᠵᠥᠩ ᠵᠢᠩ ᠪᠡᠶ᠎ᠡ ᠶᠢᠨ ᠲᠠᠮᠢᠷ ᠤᠨ ᠴᠡᠴᠡᠷᠯᠢᠭ᠂  ᠲᠤᠤᠷ᠎ᠠ ᠬᠤᠷᠤᠭ᠎ᠠ ᠶᠢᠨ ᠯᠢᠦ ᠱᠦ ᠶᠢᠩᠽᠢ ᠰᠣᠶᠣᠯ ᠤᠨ ᠦᠢᠯᠡᠴᠢᠯᠡᠭᠡᠨ ᠤ ᠲᠥᠪ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠣᠯᠠᠨ ᠤᠯᠤᠰ ᠤᠨ ᠯᠤᠤᠲᠤ ᠣᠩᠭᠤᠴᠠ ᠶᠢᠨ ᠢᠯᠡ ᠤᠷᠤᠯᠳᠤᠭᠠᠨ᠂ ᠮᠣᠲ᠋ᠣᠷᠲᠤ ᠣᠩᠭᠤᠴᠠ ᠶᠢᠨ ᠢᠯᠡ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠤᠰᠤᠨ ᠳᠡᠭᠡᠷᠡᠬᠢ ᠤᠷᠤᠯᠳᠤᠭᠠᠨ ᠢ ᠢᠳᠡᠪᠬᠢᠲᠡᠢ ᠪᠠᠷ ᠳᠠᠭᠠᠭᠠᠨ ᠡᠷᠭᠢᠯᠡᠵᠦ᠂ ᠲᠣᠰ ᠲᠣᠰ ᠤᠨ ᠣᠨᠴᠠᠯᠢᠭ ᠲᠠᠢ᠂ ᠭᠢᠯᠠᠰ ᠴᠡᠭ ᠲᠠᠢ᠂ ᠳᠥᠷᠪᠡᠨ ᠤᠯᠠᠷᠢᠯ ᠳᠤ ᠨᠡᠪᠲᠡᠷᠡᠭᠰᠡᠨ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠎ᠡ᠃ ᠰᠣᠶᠣᠯ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ᠂ ᠵᠤᠭᠠᠴᠠᠨ ᠰᠠᠭᠤᠬᠤ ᠡᠷᠡᠭᠦᠯ ᠮᠡᠨᠳᠦ ᠰᠤᠪᠢᠯᠠᠯᠲᠠ ᠵᠡᠷᠭᠡ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠵᠢᠭᠤᠯᠴᠢᠯᠠᠯ ᠤᠨ ᠰᠢᠨ᠎ᠡ ᠦᠵᠡᠮᠵᠢ ᠪᠠᠶᠢᠳᠠᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠪᠣᠶ ᠪᠣᠯᠭᠠᠨ᠎ᠠ᠃ ᠰᠣᠳᠣᠨ ᠵᠢᠭᠤᠯᠴᠢᠯᠠᠯ ᠤᠨ ᠵᠠᠮ ᠱᠤᠭᠤᠮ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠭᠤᠶᠣᠯᠠᠨ ᠭᠠᠷᠭᠠᠨ᠎ᠠ᠃ ᠤᠯᠠᠭᠠᠨᠮᠥ᠋ᠴᠢᠷ ᠤᠨ ᠨᠠᠩ ᠣᠯᠠᠨ ᠰᠣᠳᠣᠨ ᠪᠦᠲᠦᠭᠡᠯ ᠭᠠᠷᠭᠠᠬᠤ ᠶᠢ ᠳᠡᠮᠵᠢᠵᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 200 ᠲᠠᠯᠠᠪᠠᠶ ᠠᠴᠠ ᠳᠡᠭᠡᠭᠰᠢ ᠥᠷᠨᠢᠭᠦᠯᠦᠨ᠎ᠡ᠃ ᠨᠡᠩ ᠢᠯᠡᠭᠦᠦ ᠲᠤᠯᠭᠠᠭᠤᠷᠢᠯᠠᠬᠤ ᠬᠦᠴᠦᠨ ᠲᠠᠢ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠠᠶᠢᠭᠤᠯᠤᠨ᠎ᠠ᠃ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ᠂ ᠨᠠᠷᠢᠯᠢᠭᠵᠢᠭᠤᠯᠬᠤ ᠪᠠ ᠴᠢᠨᠠᠷ ᠰᠠᠶᠢᠲᠠᠢ ᠪᠣᠯᠭᠠᠬᠤ ᠲᠡᠰᠢ ᠬᠤᠪᠢᠷᠠᠭᠤᠯᠬᠤ ᠶᠢ ᠲᠦᠷᠭᠡᠪᠴᠢᠯᠡᠨ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠦᠵᠡᠭᠦᠯᠬᠦ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠵᠢᠩ ᠳ᠋ᠦᠩ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠣᠬᠢᠷᠠᠭᠤᠯᠬᠤ ᠲᠥᠪ᠂  ᠵᠦᠩ ᠯᠢᠶᠠᠨ ᠬᠤᠯᠪᠣᠭᠠᠯᠠᠭᠰᠠᠨ ᠣᠯᠠᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠯᠧᠺᠲᠷᠣᠨ ᠬᠤᠳᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠶᠡᠷᠦᠩᠬᠡᠶᠢᠯᠡᠭᠰᠡᠨ ᠬᠡᠯᠪᠡᠷᠢ ᠶᠢᠨ ᠲᠤᠰᠬᠠᠢ ᠵᠠᠬ᠎ᠠ ᠳᠡᠯᠭᠡᠭᠦᠷ᠂  ᠲᠤᠤᠷ᠎ᠠ ᠬᠤᠷᠤᠭ᠎ᠠ ᠶᠢᠨ ᠵᠢᠮᠢᠰ ᠢᠳᠡᠰᠢᠨ ᠨᠣᠭᠤᠭ᠎ᠠ ᠶᠢᠨ ᠬᠦᠢᠲᠡᠨ ᠬᠡᠯᠬᠢᠶᠡᠲᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃   ᠶᠢᠨ ᠰᠠᠨ ᠵᠢᠶᠣᠣ ᠬᠤᠳᠠᠯᠳᠤᠭᠠᠨ ᠤ ᠵᠡᠭᠡᠯᠢ᠂ ᠣᠯᠠᠨ ᠤᠯᠤᠰ ᠤᠨ ᠲᠦᠮᠡᠨ ᠬᠤᠳᠠᠯᠳᠤᠭᠠᠨ ᠤ ᠬᠤᠲᠠ ᠶᠢᠨ ᠣᠨᠴᠠᠯᠢᠭᠲᠤ ᠬᠤᠳᠠᠯᠳᠤᠭᠠᠨ ᠤ ᠲᠣᠭᠤᠷᠢᠭ ᠪᠠᠶᠢᠭᠤᠯᠬᠤ ᠶᠢ ᠳᠡᠮᠵᠢᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠨ᠎ᠠ᠃ ᠰᠡᠯᠡᠭᠦᠴᠡᠯ ᠵᠤᠭ᠎ᠠ ᠴᠡᠩᠭᠡᠯ᠂ ᠨᠠᠰᠤᠵᠢᠯ ᠤᠨ ᠠᠰᠠᠷᠠᠮᠵᠢ ᠨᠢᠯᠬᠠᠰ ᠤᠨ ᠴᠡᠴᠡᠷᠯᠢᠭ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠠᠵᠤ ᠦᠢᠯᠡᠰ ᠤᠨ ᠪᠠᠭᠲᠠᠭᠠᠮᠵᠢ ᠶᠢ ᠦᠷᠭᠦᠯᠵᠢᠯᠡᠨ ᠥᠷᠭᠡᠳᠬᠡᠬᠦ ᠶᠢ ᠲᠦᠯᠬᠢᠨ ᠠᠬᠢᠭᠤᠯᠵᠤ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠵᠢᠷᠤᠮᠵᠢᠯ ᠲᠠᠢ ᠪᠠᠷ ᠬᠥᠭᠵᠢᠬᠦ᠂ ᠳᠡᠭᠡᠭᠰᠢᠯᠡᠭᠦᠯᠬᠦ  ᠶᠢ ᠨᠢᠭᠡᠳᠦᠯᠲᠡᠢ  ᠪᠣᠯᠭᠠᠨ᠎ᠠ᠃ ᠰᠥᠨᠢ ᠶᠢᠨ ᠠᠵᠤ ᠠᠬᠤᠢ᠂ ᠭᠠᠷᠠᠭ ᠤᠨ ᠰᠡᠭᠦᠯᠴᠢ ᠶᠢᠨ ᠠᠵᠤ ᠠᠬᠤᠢ᠂ ᠠᠮᠠᠷᠠᠯᠲᠠ ᠶᠢᠨ ᠡᠳᠦᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠥᠮᠥᠰ ᠤᠨ ᠬᠦᠷᠢᠶᠡᠯᠡᠯ ᠢ ᠤᠯᠠᠮ ᠨᠢᠭᠡ ᠠᠯᠬᠤᠮ ᠲᠥᠪᠯᠡᠷᠡᠭᠦᠯᠦᠨ᠂ ᠬᠡᠷᠡᠭᠯᠡᠭᠡ ᠶᠢ ᠥᠷᠭᠡᠳᠬᠡᠵᠦ᠂ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠵᠠᠰᠠᠭ ᠮᠥᠩᠭᠦ ᠠᠵᠤ ᠠᠬᠤᠶᠢᠯᠠᠯ ᠢ ᠵᠣᠯᠭᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠨᠡᠩ ᠤᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠳᠤᠮᠳᠠ ᠵᠢᠵᠢᠭ ᠪᠢᠴᠢᠯ ᠠᠵᠤ ᠠᠬᠤᠶᠢᠯᠠᠯ ᠲᠡᠶᠢᠰᠢ ᠬᠡᠯᠪᠡᠶᠢᠯᠭᠡᠨ᠎ᠡ᠃ ᠭᠠᠳᠠᠭᠠᠳᠤ ᠠᠵᠤ ᠠᠬᠤᠢ ᠠᠷᠠᠯᠵᠢᠶᠠᠨ ᠤ ᠨᠡᠮᠡᠭᠳᠡᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠲᠤᠰ ᠭᠠᠵᠠᠷ ᠣᠷᠣᠨ ᠤ ᠪᠠᠨ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠲᠤᠭ᠎ᠠ ᠶᠢ ᠠᠳᠠᠯᠢ ᠬᠤᠭᠤᠴᠠᠭᠠᠨ ᠤ 20% ᠳᠡᠭᠡᠭᠰᠢ ᠨᠡᠮᠡᠭᠳᠡᠭᠦᠯᠦᠨ᠎ᠡ᠃︵ᠭᠤᠷᠪᠠ︶ ᠦᠷ᠎ᠡ ᠪᠦᠲᠦᠭᠡᠯ ᠢ ᠭᠤᠶᠢᠪᠢᠰᠢ ᠦᠭᠡᠢ ᠪᠠᠷ ᠪᠠᠲᠤᠳᠬᠠᠵᠤ᠂ ᠵᠣᠯᠭᠠᠯᠴᠠᠭ᠎ᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠯᠬᠤᠮ ᠢ ᠠᠯᠬᠤᠬᠤ ᠶᠢ ᠠᠬᠢᠭᠤᠯᠤᠨ᠎ᠠ  ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ︽ᠮᠢᠩᠭᠠᠨ ᠲᠦᠮᠡ ᠢᠨᠵᠧᠨᠧᠷᠢᠩ︾  ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠤᠨ᠎ᠠ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ᠂ ᠪᠥᠬᠦ ᠤᠯᠤᠰ ᠤᠨ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ᠂ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠣᠰ ᠲᠣᠰ 1 ᠪᠠᠶᠢᠭᠤᠯᠬᠤ ᠪᠠᠷ ᠴᠢᠷᠮᠠᠶᠢᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠣᠰᠬᠤᠨ ᠤ ᠰᠤᠷᠲᠠᠯ ᠪᠣᠯᠪᠠᠰᠤᠨ ᠵᠡᠷᠭᠡ ᠦᠪᠡᠷᠮᠢᠴᠡ ᠣᠨᠴᠠᠯᠢᠭ ᠲᠠᠢ ᠵᠢᠱᠢᠶ᠎ᠡ ᠦᠵᠡᠭᠦᠯᠬᠦ ᠲᠣᠰᠬᠤᠨ ᠢ 15 ᠪᠠᠶᠢᠭᠤᠯᠵᠤ᠂ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ 23 ᠪᠠᠶᠢᠭᠤᠯᠤᠨ᠎ᠠ᠃  ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 21ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ 1 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ᠎ᠠ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ 11 ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠨᠡᠶᠢᠲᠡ 4700 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠯᠢᠨ ᠬᠠᠢ ᠪᠦᠯᠦᠭᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠬᠥᠳᠡᠭᠡ ᠲᠣᠰᠬᠤᠨ ᠤ 1800 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠶ᠎ᠡ ᠵᠣᠬᠢᠴᠠᠩᠭᠤᠢ ᠡᠮᠬᠢ ᠵᠢᠷᠤᠮ ᠲᠠᠢ ᠴᠢᠳᠠᠮᠠᠭᠠᠢ ᠪᠠᠷ ᠵᠠᠰᠠᠬᠤ ᠬᠥᠳᠡᠭᠡ ᠲᠣᠰᠬᠤᠨ ᠢ ᠪᠠᠶᠢᠭᠤᠯᠤᠨ᠎ᠠ᠃  ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠭᠥᠯᠢᠶᠡᠨ ᠠᠪᠴᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠬᠤ ᠪᠡᠯᠡ ᠮᠥᠩᠭᠦ ᠶᠢ 2 ᠳ᠋ᠦᠩᠰᠢᠭᠤᠷ ᠲᠥᠭᠦᠷᠢᠭ ᠭᠤᠶᠤᠴᠢᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠ ᠴᠢᠭ᠋ ᠲᠣᠭᠲᠠᠭᠠᠨ ᠬᠠᠪᠰᠤᠷᠤᠨ ᠲᠡᠳᠬᠦᠬᠦ ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠵᠤ᠂ ᠠᠵᠤ ᠦᠢᠯᠡᠰ ᠤᠨ ᠬᠥᠭᠵᠢᠯᠲᠡ᠂ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠪᠡᠯᠡᠳᠬᠡᠮᠵᠢ ᠵᠡᠷᠭᠡ ᠲᠥᠷᠥᠯ ᠵᠦᠢᠯ ᠢ 37 ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠢᠯ ᠤᠨ ᠳᠣᠲᠣᠷ᠎ᠠ ᠶᠠᠳᠠᠭᠤ ᠠᠴᠠ ᠠᠩᠭᠢᠵᠢᠷᠠᠭᠤᠯᠤᠭᠰᠠᠨ ᠬᠥᠳᠡᠯᠮᠦᠷᠢ ᠶᠢᠨ ᠬᠦᠴᠦᠨ ᠤ ᠠᠵᠢᠯ ᠣᠯᠣᠭᠰᠠᠨ ᠬᠥᠮᠥᠨ ᠤ ᠲᠤᠭ᠎ᠠ 9600 ᠠᠴᠠ ᠳᠡᠭᠡᠭᠰᠢ ᠪᠣᠯᠭᠠᠨ᠎ᠠ᠃ ︽ᠨᠢᠭᠡ ᠪᠦᠯᠦᠭ ᠢ ᠪᠠᠬᠢᠵᠢᠭᠦᠯᠵᠦ᠂ ᠨᠢᠭᠡ ᠪᠦᠯᠦᠭ ᠢ ᠳᠡᠭᠡᠭᠰᠢᠯᠡᠭᠦᠯᠵᠦ᠂ ᠨᠢᠭᠡ ᠪᠦᠯᠦᠭ ᠢ ᠠᠮᠢᠳᠤᠯᠢᠭ ᠪᠣᠯᠭᠠᠵᠤ᠂ ᠨᠢᠭᠡ ᠪᠦᠯᠦᠭ ᠢ ᠠᠰᠲᠠᠭᠠᠨ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠪᠠᠬᠢᠵᠢᠭᠦᠯᠦᠨ ᠳᠡᠭᠡᠭᠰᠢᠯᠡᠭᠦᠯᠵᠦ ᠠᠮᠢᠳᠤᠯᠢᠭ ᠰᠢᠢᠳᠪᠦᠷᠢᠯᠡᠬᠦ ᠶᠢ ᠲᠥᠷᠥᠯ ᠬᠤᠪᠢᠶᠠᠨ ᠰᠠᠶᠢᠲᠤᠷ ᠠᠳᠬᠤᠵᠤ᠂ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃  ︵ᠳᠥᠷᠪᠡ︶ ᠳᠤᠲᠠᠭᠤᠳᠠᠯ ᠢ ᠨᠥᠬᠦᠪᠦᠷᠢᠯᠡᠬᠦ᠂ ᠬᠦᠴᠦᠷᠬᠡᠭ ᠪᠠᠭᠤᠷᠠᠢ ᠵᠦᠢᠯ ᠢ ᠭᠤᠶᠢᠪᠢᠰᠢ ᠦᠭᠡᠢ ᠪᠠᠷ ᠨᠥᠬᠦᠪᠦᠷᠢᠯᠡᠵᠦ᠂ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ   ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠶᠠᠨᠵᠢᠩ ᠵᠡᠭᠡᠯᠢ ᠶᠢᠨ ᠵᠡᠭᠦᠨ ᠬᠡᠰᠡᠭ ᠂ ᠪᠦᠳᠦᠭᠡᠨ ᠪᠠᠶᠢᠭᠤᠯᠤᠯᠲᠠ ᠶᠢᠨ ᠵᠠᠮ ᠤᠨ ᠬᠤᠶᠢᠲᠤ ᠬᠡᠰᠡᠭ ᠵᠡᠷᠭᠡ ᠬᠤᠳᠠ ᠶᠢᠨ ᠲᠣᠭᠤᠷᠢᠭ ᠤᠨ ᠵᠠᠮ ᠢ 9 ᠵᠤᠷᠪᠤᠰ᠂ 8 ᠺᠢᠯᠣᠮᠧᠲᠷ ᠪᠠᠶᠢᠭᠤᠯᠵᠤ᠂ ᠲᠢᠶᠠᠨ ᠢ ᠬᠤᠳᠠ ᠶᠢᠨ ᠲᠣᠭᠤᠷᠢᠭ ᠤᠨ ᠪᠣᠷᠣᠭᠠᠨ ᠤ ᠤᠰᠦ ᠪᠣᠬᠢᠷ ᠤᠰᠦ ᠶᠢ ᠰᠠᠯᠭᠠᠬᠤ ᠬᠤᠭᠤᠯᠠᠢ ᠶᠢᠨ ᠲᠣᠣᠷ ᠢ 8.2 ᠺᠢᠯᠣᠮᠧᠲᠷ ᠥᠭᠡᠷᠡᠴᠢᠯᠡᠨ ᠵᠠᠰᠠᠵᠤ᠂  ᠪᠠᠶᠢᠰᠢᠩᠲᠦ ᠠᠴᠠ ᠤᠯᠠᠭᠠᠨᠬᠠᠳᠠ ᠬᠦᠷᠬᠦ ᠲᠡᠮᠦᠷ ᠵᠠᠮ ᠤᠨ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠢ 6 ᠪᠠᠶᠢᠭᠤᠯᠵᠤ᠂ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠭᠤᠣᠯ ᠰᠤᠪᠠᠭ ᠢ 2.5 ᠺᠢᠯᠣᠮᠧᠲᠷ ᠰᠢᠨ᠎ᠡ ᠪᠠᠷ ᠪᠠᠶᠢᠭᠤᠯᠵᠤ᠂ ᠲᠢᠶᠠᠨ ᠢ ᠬᠤᠳᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃  ᠶᠢᠩ ᠪᠢᠨ ᠶᠧᠦ ᠶᠤᠸᠠᠨ᠂ ᠳ᠋ᠠ ᠮᠢᠩ ᠵᠡᠭᠡᠯᠢ ᠶᠢᠨ ᠪᠦᠰᠡᠯᠢᠭ ᠴᠡᠴᠡᠷᠯᠢᠭ ᠵᠡᠷᠭᠡ 4 ᠭᠠᠵᠠᠷ ᠤᠨ ᠨᠣᠭᠤᠭᠠᠨ ᠭᠠᠵᠠᠷ ᠤᠨ ᠴᠡᠴᠡᠷᠯᠢᠭ ᠤᠨ  ᠪᠠᠶᠢᠭᠤᠯᠤᠯᠲᠠ ᠶᠢ ᠬᠡᠷᠡᠭᠵᠢᠭᠦᠯᠵᠦ᠂ ᠨᠣᠭᠤᠭᠠᠷᠠᠭᠤᠯᠤᠯᠲᠠ ᠶᠢᠨ ᠲᠠᠯᠠᠪᠠᠢ ᠶᠢ 15 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ 727 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ᠂ 24 ᠬᠠᠭᠤᠴᠢᠨ ᠵᠢᠵᠢᠭ ᠲᠣᠭᠤᠷᠢᠭ᠂ 1278 ᠡᠷᠦᠬᠡ ᠶᠢ ᠥᠭᠡᠷᠡᠴᠢᠯᠡᠨ ᠵᠠᠰᠠᠨ᠎ᠠ᠃ ᠬᠤᠳᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠳᠢᠭᠯᠢᠮ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠪᠠᠶᠢᠭᠤᠯᠵᠤ᠂ ᠣᠷᠴᠢᠨ ᠠᠬᠤᠢ ᠶᠢᠨ ᠪᠣᠬᠢᠷᠲᠤᠯ ᠵᠡᠷᠭᠡ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠵᠠᠰᠠᠬᠤ ᠪᠤᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠵᠢᠴᠢ ᠬᠤᠭ ᠪᠤᠯᠠᠬᠤ ᠲᠠᠯᠠᠪᠤᠷ ᠤᠨ ᠢᠵᠢ ᠪᠦᠷᠢᠳᠦᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠤᠷ ᠢ ᠰᠢᠨ᠎ᠡ ᠪᠠᠷ ᠪᠠᠶᠢᠭᠤᠯᠵᠤ᠂ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠦᠨ᠎ᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠦᠶᠡᠷ ᠢ ᠰᠡᠷᠭᠡᠶᠢᠯᠡᠬᠦ᠂ ᠴᠠᠰᠤ ᠠᠷᠢᠯᠭᠠᠬᠤ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠮ ᠤᠨ ᠳ᠋ᠧᠩ ᠢ 500 ᠤᠭᠰᠠᠷᠠᠨ ᠥᠭᠡᠷᠡᠴᠢᠯᠡᠵᠦ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ 2 ᠰᠢᠨ᠎ᠡ ᠪᠠᠷ ᠪᠠᠶᠢᠭᠤᠯᠵᠤ᠂ ᠲᠡᠷᠭᠡ ᠵᠣᠭᠰᠤᠭᠠᠬᠤ ᠪᠠᠶᠢᠷᠢ ᠶᠢ 800 ᠰᠢᠨ᠎ᠡ ᠪᠠᠷ ᠨᠡᠮᠡᠭᠳᠡᠭᠦᠯᠵᠦ᠂ ᠨᠡᠶᠢᠲᠡ ᠶᠢᠨ ᠵᠣᠷᠯᠣᠩ ᠢ 3 ᠰᠢᠨ᠎ᠡ ᠪᠠᠷ ᠪᠠᠶᠢᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠮᠤᠷ ᠲᠦᠪᠰᠢᠨ᠂ ᠴᠡᠪᠡᠷ ᠲᠡᠭᠰᠢ᠂ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠶᠡᠬᠡᠪᠡᠷ ᠪᠣᠶ ᠪᠣᠯᠭᠠᠨ᠎ᠠ᠃ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠢᠩᠴᠧᠩ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ ᠪᠠᠶᠢᠭᠤᠯᠤᠨ᠎ᠠ᠃ ᠲᠢᠶᠠᠨ ᠢ ᠠᠴᠠ ᠪᠧᠢ ᠴᠠᠩ ᠽᠢ ᠬᠦᠷᠬᠦ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠡᠬᠢᠯᠡᠭᠦᠯᠵᠦ᠂ ᠮᠤᠵᠢ ᠶᠢᠨ ᠵᠠᠮ 219 ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠤ᠂ ᠢᠦᠢ ᠬᠤᠸᠠᠩ ᠯᠢᠶᠠᠩ ᠠᠴᠠ ᠰᠤᠩᠬᠢᠨ᠎ᠠ ᠶᠢᠨ ᠭᠤᠤ ᠶᠢᠨ ᠼᠤᠤ ᠭᠧᠦ ᠮᠧᠨ ᠬᠦᠷᠬᠦ ᠵᠢᠭᠤᠯᠴᠢᠯᠠᠯ ᠤᠨ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨ ᠬᠦ ᠪᠠᠲᠤᠯᠠᠨ᠎ᠠ᠃ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠨᠡᠯᠢᠶᠡᠳ ᠶᠡᠭᠡ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠢ 28.8 ᠺᠢᠯᠣᠮᠧᠲᠷ ᠬᠡᠷᠡᠭᠵᠢᠭᠦᠯᠵᠦ᠂ ᠪᠠᠶᠢᠭᠤᠯᠤᠮᠵᠢ ᠶᠢᠨ ᠳᠦᠷᠢᠮᠲᠦ ᠲᠣᠰᠬᠤᠨ ᠳᠤ ᠬᠤᠣᠰ ᠲᠡᠷᠭᠡᠨ ᠵᠠᠮ 30 ᠺᠢᠯᠣᠮᠧᠲᠷ ᠨᠠᠪᠲᠠᠷᠡᠭᠦᠯᠵᠦ᠂ 106 ᠺᠢᠯᠣᠮᠧᠲᠷ ᠵᠠᠮ ᠢ ᠠᠷᠠᠴᠢᠯᠠᠨ ᠬᠠᠮᠠᠭᠠᠯᠠᠨ᠎ᠡ᠃ 5G ᠶᠢᠨ ᠲᠤᠤᠷ ᠵᠠᠰᠠᠭ ᠵᠠᠬᠢᠷᠭᠠᠨ ᠤ ᠲᠣᠰᠬᠤᠨ ᠢ ᠪᠦᠬᠦᠨ ᠢ ᠬᠠᠮᠤᠷᠬᠤ ᠶᠢ ᠲᠦᠷᠭᠡᠪᠴᠢᠯᠡᠨ ᠠᠬᠢᠭᠤᠯᠵᠤ᠂ 5G ᠶᠢᠨ ᠰᠠᠭᠤᠷᠢ ᠥᠷᠲᠡᠭᠡ ᠶᠢ 40 ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ᠃  ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠲᠥᠪ ᠤᠨ ᠬᠤᠶᠠᠳᠤᠭᠠᠷ ᠡᠭᠡᠯᠵᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠯᠠᠪᠳᠠᠭᠤᠨ ᠠᠬᠢᠭᠤᠯᠤᠨ᠎ᠠ᠃ ᠪᠠᠷᠢᠯᠭ᠎ᠠ ᠶᠢᠨ ᠭᠠᠵᠠᠷ ᠤᠨ ᠬᠤᠭ ᠲᠣᠭᠤᠰᠣ ᠶᠢ ᠬᠠᠮᠢᠶᠠᠷᠤᠨ ᠡᠵᠡᠮᠳᠡᠬᠦ᠂ ᠰᠤᠯᠠ ᠨᠡᠭᠦᠷᠡᠰᠦ ᠰᠢᠲᠠᠭᠠᠬᠤ ᠶᠢ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ 14.9 ᠲᠦᠮᠡᠨ ᠲᠡᠭᠰᠢ ᠳᠥᠷᠪᠡᠯᠵᠢᠨ ᠮᠧᠲᠷ ᠤᠨ 952 ᠡᠷᠦᠭᠡ ᠳᠤ ᠬᠤᠳᠠ ᠶᠢᠨ ᠳᠣᠲᠣᠷᠠᠬᠢ ᠲᠣᠰᠬᠤᠨ ᠤ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠲᠢᠶᠠᠨ ᠢ ᠬᠤᠳᠠ ᠶᠢᠨ ᠲᠣᠭᠤᠷᠢᠭ ᠤᠨ ᠠᠭᠠᠷ ᠤᠨ ᠴᠢᠨᠠᠷ ᠴᠢᠨᠰᠠᠭ᠎ᠠ ᠶᠢ ᠢᠯᠡᠳᠲᠡ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠰᠢᠶᠠᠩ ᠪᠠᠯᠭᠠᠰᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠨᠤᠷᠮ᠎ᠠ ᠶᠢ ᠳᠡᠭᠡᠭᠰᠢᠯᠡᠭᠦᠯᠵᠦ᠂ 9 ᠰᠢᠶᠠᠩ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠴᠦ ᠠᠵᠢᠯᠯᠠᠬᠤ ᠶᠢ ᠦᠨᠡᠨ ᠬᠦ ᠪᠠᠲᠤᠯᠠᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠪᠦᠷᠬᠦᠭᠦᠯ ᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠭᠤᠣᠯ ᠤᠨ ᠳᠠᠷᠤᠭ᠎ᠠ ᠶᠢᠨ ᠳᠦᠷᠢᠮ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠡᠯᠡᠰᠦ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠯᠣᠤᠬ᠎ᠠ ᠶᠢᠨ ᠭᠤᠣᠯ᠂  ᠬᠦᠨᠲᠡᠯᠡᠨ ᠭᠤᠣᠯ᠂ ᠳ᠋ᠠ ᠯᠢᠩ ᠾᠧ ᠭᠤᠣᠯ ᠤᠨ ᠵᠠᠰᠠᠯᠲᠠ ᠶᠢ ᠢᠳᠡᠪᠬᠢᠲᠡᠢ ᠠᠬᠢᠭᠤᠯᠵᠤ᠂ ᠠᠮᠢ ᠠᠬᠤᠢ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠵᠠᠰᠠᠯᠲᠠ ᠶᠢ 20 ᠲᠡᠭᠰᠢ ᠳᠥᠷᠪᠡᠯᠵᠢᠨ ᠺᠢᠯᠤᠮᠥᠲᠷ᠂ ᠠᠭᠤᠯᠠᠨ ᠦᠶᠡᠷ ᠤᠨ ᠭᠤᠤ ᠶᠢᠨ ᠵᠠᠰᠠᠯᠲᠠ ᠶᠢ 6 ᠵᠤᠷᠪᠤᠰ᠂ 43 ᠺᠢᠯᠣᠮᠧᠲᠷ ᠬᠡᠷᠩᠵᠢᠭᠦᠯᠦᠨ᠎ᠡ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2000 ᠮᠦ ᠮᠠᠭᠤᠳᠠᠭᠰᠠᠨ ᠣᠶ ᠰᠢᠭᠤᠢ ᠶᠢᠨ ᠬᠡᠰᠡᠭᠯᠡᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ 3 ᠲᠦᠮᠡᠨ ᠮᠦ ᠳᠤᠮᠳᠠ ᠨᠢᠯᠬ᠎ᠠ ᠮᠣᠳᠣᠨ ᠤ ᠣᠶ ᠰᠢᠭᠤᠢ ᠶᠢ ᠠᠷᠠᠴᠢᠯᠠᠨ ᠪᠣᠶᠢᠵᠢᠭᠤᠯᠤᠨ᠎ᠠ᠃ ᠪᠣᠯᠣᠳ ᠲᠡᠮᠦᠷ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶᠡᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠮᠡᠷᠭᠡᠵᠢᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠢᠯ ᠲᠦᠷᠦᠯ ᠤᠨ ᠪᠦᠬᠦᠯᠢ ᠴᠣᠭᠴᠠ ᠶᠢᠨ ᠡᠨᠧᠷᠭᠢ ᠶᠢᠨ ᠠᠰᠢᠭᠯᠠᠮᠵᠢ ᠶᠢᠨ ᠲᠦᠪᠰᠢᠨ ᠢ ᠳᠡᠭᠡᠭᠰᠢᠯᠡᠭᠦᠯᠦᠨ᠎ᠡ᠃︵ᠲᠠᠪᠤ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠤᠶᠠᠨ ᠵᠢᠷᠭᠠᠯ ᠢ ᠨᠡᠮᠡᠭᠳᠡᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠳᠤ ᠰᠠᠶᠢᠨ ᠬᠠᠷᠢᠭᠤᠯᠲᠠ ᠦᠭᠬᠦ ᠪᠠᠷ ᠴᠢᠷᠮᠠᠶᠢᠨ᠎ᠠ  ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ᠂ ᠲᠠᠪᠤᠳᠤᠭᠠᠷ ᠳᠤᠮᠳᠠᠳᠤ ᠰᠤᠷᠭᠠᠭᠤᠯᠢ ᠵᠡᠷᠭᠡ ᠵᠦᠢᠯᠡᠰ ᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠬᠤᠶᠠᠳᠤᠭᠠᠷ ᠪᠠᠭ᠎ᠠ ᠰᠤᠷᠭᠠᠭᠤᠯᠢ ᠵᠢᠴᠢ ᠬᠠᠷᠢᠶᠠᠲᠤ ᠬᠡᠦᠬᠡᠳ ᠤᠨ ᠴᠡᠴᠡᠷᠯᠢᠭ᠂ ᠵᠢᠷᠭᠤᠳᠤᠭᠠᠷ ᠬᠡᠦᠬᠡᠳ ᠤᠨ ᠴᠡᠴᠡᠷᠯᠢᠭ᠂ ᠭᠤᠸᠠᠩ ᠬᠤᠸᠠ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ ᠵᠡᠷᠭᠡ 7 ᠵᠦᠢᠯᠡᠰ ᠢ ᠰᠢᠨ᠎ᠡ ᠪᠠᠷ ᠪᠠᠶᠢᠭᠤᠯᠪᠠ᠃ ᠳᠤᠮᠳᠠᠳᠤ ᠰᠤᠷᠭᠠᠭᠤᠯᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠶᠠᠷ ᠢ ᠰᠢᠯᠢᠳᠡᠭᠵᠢᠭᠦᠯᠬᠦ︾ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ᠂ ᠵᠢᠭᠠᠨ ᠰᠤᠳᠤᠯᠬᠤ ᠭᠤᠷᠪᠠᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠢᠳᠡᠷ ᠵᠠᠯᠠᠭᠤ ᠪᠠᠭᠰᠢ ᠶᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠬᠢᠨᠠᠨ ᠰᠢᠯᠭᠠᠵᠤ ᠱᠠᠩᠨᠠᠬᠤ ᠲᠣᠭᠲᠠᠴᠠ ᠶᠢ ᠰᠢᠯᠢᠳᠡᠭᠵᠢᠭᠦᠯᠵᠦ᠂ ᠨᠡᠷᠡᠳᠦ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠦᠷᠦᠭᠡ ᠶᠢ ᠪᠠᠶᠢᠭᠤᠯᠵᠤ᠂ ᠨᠢᠭᠡ ᠪᠦᠯᠦᠭ ᠨᠡᠷᠡᠳᠦ ᠪᠠᠭᠰᠢ᠂ ᠨᠡᠷᠡᠳᠦ ᠠᠩᠭᠢ ᠶᠢᠨ ᠡᠷᠬᠢᠯᠡᠭᠴᠢ ᠶᠢ ᠦᠨᠡᠯᠡᠵᠦ᠂ ᠪᠦᠬᠦ ᠰᠢᠶᠠᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ ᠤ ᠰᠢᠨ᠎ᠡ ᠦᠰᠦᠷᠦᠯᠲᠡ ᠶᠢ ᠪᠡᠶᠡᠯᠡᠭᠦᠯᠬᠦ ᠶᠢ ᠬᠥᠲᠥᠯᠥᠨ ᠳᠠᠭᠠᠭᠤᠯᠵᠤ ᠲᠠᠶᠢᠴᠢᠯᠠᠨ᠎ᠠ᠃   ᠡᠷᠡᠭᠦᠯ ᠮᠡᠨᠳᠦ ᠨᠢᠩᠴᠧᠩ ᠤᠨ ᠪᠠᠶᠢᠭᠤᠯᠤᠯᠲᠠ ᠶᠢ ᠠᠬᠢᠭᠤᠯᠤᠨ᠎ᠠ᠃ ︽ᠡᠷᠡᠭᠦᠯ ᠮᠡᠨᠳᠦ ᠨᠢᠩᠴᠧᠩ ᠢ ᠪᠠᠶᠢᠭᠤᠯᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠰᠢᠯᠭᠠᠷᠠᠭᠤᠯᠤᠯᠲᠠ ᠶᠢ ᠦᠭᠭᠡᠷᠡᠭᠦᠯᠬᠦ ᠪᠠᠷ ᠴᠢᠷᠮᠠᠶᠢᠨ᠂ ᠪᠥᠬᠦ ᠤᠯᠤᠰ ᠤᠨ ᠣᠯᠠᠨ ᠡᠪᠡᠳᠴᠢᠨ ᠢ ᠬᠠᠮᠲᠤ ᠪᠠᠷ ᠰᠡᠷᠭᠡᠶᠢᠯᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠤᠯᠠᠭᠠᠨᠬᠠᠳᠠ ᠶᠢᠨ ᠡᠮᠦᠨᠡᠲᠦ ᠬᠡᠰᠡᠭ ᠤᠨ ᠣᠷᠣᠨ ᠪᠦᠰᠡ ᠶᠢᠨ ᠴᠢᠨᠠᠷᠲᠠᠢ ᠡᠮᠴᠢᠯᠡᠭᠡᠨ ᠤ ᠲᠥᠪ ᠢ ᠪᠠᠶᠢᠭᠤᠯᠬᠤ ᠶᠢᠨ ᠲᠣᠭᠤᠷᠢᠨ ᠳᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠤᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂  ᠬᠢᠳᠡᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠤᠶᠢᠲᠤ ᠡᠮᠨᠡᠯᠭᠡ ᠶᠢᠨ ᠲᠣᠭᠤᠷᠢᠭ᠂ ᠤᠯᠠᠭᠠᠨᠬᠠᠳᠠ ᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠬᠤᠷᠬᠤᠭ᠂ ᠪᠠᠷᠬᠠᠨ᠂ ᠰᠢ ᠽᠢ ᠲᠥᠪ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠥᠷᠭᠡᠨ ᠤᠯᠠᠨ ᠲᠦᠮᠡᠨ ᠳᠤ ᠨᠡᠩ ᠲᠥᠪ ᠭᠤᠣᠯᠴᠢ ᠪᠥᠭᠡᠳ ᠰᠢᠰᠲ᠋ᠧᠮ ᠲᠠᠢ ᠦᠷᠭᠦᠯᠵᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠡᠩ ᠢᠯᠡᠭᠦᠦ ᠬᠦᠷᠲᠡᠭᠡᠨ᠎ᠡ᠃ ᠡᠮᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠴᠢᠳᠠᠪᠤᠷᠢᠲᠠᠨ ᠢ ᠣᠷᠣᠭᠤᠯᠤᠨ ᠠᠪᠴᠢᠷᠠᠬᠤ︾ ︽ᠲᠤᠰᠬᠠᠢ ᠮᠡᠷᠭᠡᠵᠢᠯᠲᠡᠨ ᠪᠦᠯᠬᠦᠮ ᠳᠠᠭᠠᠭᠤᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡ ᠪᠦᠯᠦᠭ ᠲᠣᠰ ᠭᠠᠵᠠᠷ ᠣᠷᠣᠨ ᠳᠠᠭᠠᠨ ᠦᠨᠳᠦᠰᠦᠯᠡᠭᠰᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ᠎ᠡ᠃  ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂  ᠤᠶᠤᠳᠠᠨ᠂ ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠬᠤᠳᠠ ᠪᠠᠯᠭᠠᠰᠤᠨ ᠳᠤ 2400 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 11 ᠲᠦᠮᠡᠨ ᠬᠥᠮᠥᠨ ᠤᠳᠠᠭ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠡᠯ᠎ᠡ ᠲᠦᠷᠦᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 1400 ᠬᠥᠮᠥᠨ ᠤᠳᠠᠭ᠎ᠠ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠷᠣᠯᠭ᠎ᠠ ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠰᠤᠲᠠᠨ ᠢ ᠠᠰᠠᠷᠠᠬᠤ ᠲᠥᠪ ᠤᠨ ᠬᠦᠷᠢᠶᠡᠯᠡᠩ ᠤᠨ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠷᠭᠡᠪᠴᠢᠯᠡᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠬᠢᠭᠡᠳ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠴᠡᠷᠢᠭ  ᠤᠨ ᠠᠯᠪᠠᠨ  ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠦᠷᠡᠭᠳᠡᠭᠰᠡᠨ ᠪᠠᠭᠠᠳᠤᠷ ᠭᠤᠤᠴᠢᠶᠤᠤ  ᠶᠢᠨ ᠪᠤᠩᠬᠤᠨ ᠤ ᠬᠦᠷᠢᠶᠡᠯᠡᠩ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠦᠢᠯᠡᠰ ᠢ ᠬᠡᠷᠩᠵᠢᠭᠦᠯᠦᠨ᠂ ᠴᠠᠯᠢᠩ ᠥᠷᠢᠲᠦᠬᠦ ᠠᠰᠠᠭᠤᠳᠠᠯ ᠢ ᠶᠡᠭᠡ ᠪᠠᠷ ᠦᠨᠳᠦᠰᠦᠨ ᠠᠴᠠ ᠨᠢ ᠵᠠᠰᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃︵ᠵᠢᠷᠭᠤᠭ᠎ᠠ︶ ᠠᠶᠤᠯ ᠲᠦᠭᠰᠢᠭᠦᠷᠢ ᠶᠢ ᠭᠤᠶᠢᠪᠢᠰᠢ ᠦᠭᠡᠢ ᠪᠠᠷ ᠰᠡᠷᠭᠡᠶᠢᠯᠡᠵᠦ᠂ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠤ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ  ᠡᠯ᠎ᠡ ᠵᠦᠢᠯ ᠤᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠪᠠ ︽ᠠᠷᠪᠠᠨ ᠲᠠᠪᠤᠨ ᠵᠤᠷᠪᠤᠰ︾ ᠤᠨ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠲᠤᠰᠬᠠᠢ ᠵᠦᠢᠯ ᠢᠶᠠᠷ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠰᠢᠶᠠᠨ ᠤ ᠱᠠᠲᠤᠨ ᠤ ᠶᠡᠷᠦᠩᠬᠡᠶᠢᠯᠡᠭᠰᠡᠨ ᠬᠡᠯᠪᠡᠷᠢ ᠶᠢᠨ ᠡᠳ᠋ ᠪᠣᠳᠠᠰ ᠨᠥᠭᠡᠴᠡᠯᠡᠬᠦ ᠬᠥᠮᠥᠷᠭᠡ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠨ᠎ᠠ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠵᠦ᠂ ᠡᠯ᠎ᠡ ᠲᠦᠷᠦᠯ ᠤᠨ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠭᠰᠡᠨ ᠠᠵᠢᠯᠯᠠᠭ᠎ᠠ ᠶᠢ ᠡᠷᠲᠡ ᠠᠴᠠ ᠲᠦᠷᠭᠡᠨ ᠪᠠᠶᠢᠴᠠᠭᠠᠨ ᠰᠢᠢᠳᠪᠦᠷᠢᠯᠡᠵᠦ᠂ ᠠᠮᠤ ᠪᠤᠳᠠᠭᠠᠨ ᠤ ᠤᠨᠠᠯᠲᠠ ᠶᠢ 17 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠤ ᠭᠠᠵᠠᠷ ᠤᠨ ᠬᠦᠴᠦᠨ ᠤ ᠵᠢᠱᠢᠶ᠎ᠡ ᠦᠵᠡᠭᠦᠯᠬᠦ ᠣᠷᠣᠨ ᠢ 1 ᠲᠦᠮᠡᠨ ᠮᠦ ᠪᠠᠶᠢᠭᠤᠯᠤᠨ᠎ᠠ᠃ ᠵᠠᠰᠠᠭ ᠤᠨ ᠣᠷᠳᠣᠨ ᠤ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠡᠯ᠎ᠡ ᠵᠦᠢᠯ ᠤᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠨ ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃  ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠤᠨ ᠪᠠᠲᠤᠳᠬᠠᠬᠤ ᠠᠷᠭ᠎ᠠ ᠬᠡᠮᠵᠢᠶ᠎ᠡ ᠨᠦᠭᠦᠳ︾ ᠢ ᠭᠦᠨᠵᠡᠭᠡᠢ ᠨᠠᠶᠢᠳᠠᠪᠤᠷᠢᠵᠢᠭᠤᠯᠵᠤ᠂ ᠬᠡᠪᠰᠢᠭᠰᠡᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠨᠢᠭᠡ ᠪᠦᠯᠦᠭ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠳᠡᠯᠭᠡᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠪᠠ ᠰᠠᠶᠢᠲᠤᠷ ᠬᠡᠷᠡᠭᠯᠡᠵᠦ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠤᠶᠤᠨ ᠰᠠᠨᠠᠭᠠᠨ ᠤ ᠲᠦᠰᠢᠯᠴᠡᠯ ᠢ ᠨᠡᠩ ᠰᠠᠶᠢᠲᠤᠷ ᠠᠬᠢᠭᠤᠯᠤᠨ᠎ᠠ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ︽ᠭᠤᠷᠪᠠᠨ ᠵᠦᠢᠯ ᠤᠨ ᠲᠥᠯᠥᠪᠯᠡᠭᠡ︾ ᠶᠢ ᠶᠡᠬᠡᠪᠡᠷ ᠬᠡᠷᠡᠭᠵᠢᠭᠦᠯᠵᠦ᠂ ᠬᠤᠲᠠ ᠬᠥᠳᠡᠭᠡ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠴᠡᠩᠭᠡᠬᠦ ᠶᠢ ᠠᠬᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃  ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠶᠢ ᠭᠦᠨᠵᠡᠭᠡᠶᠢᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ ︽  ᠨᠡᠮᠡᠭᠳᠡᠬᠦ ᠶᠢ ᠬᠢᠵᠠᠭᠠᠷᠯᠠᠨ ᠬᠠᠳᠠᠭᠠᠯᠠᠯᠲᠠ ᠶᠢ ᠪᠠᠭᠠᠰᠬᠠᠬᠤ︾ ᠶᠢ ᠦᠷᠭᠦᠯᠵᠢᠯᠡᠨ ᠠᠬᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠨ᠎ᠠ᠃ ᠣᠷᠣᠨ ᠨᠤᠲᠤᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠳᠡᠮᠵᠢᠵᠦ᠂ ᠬᠢᠨᠠᠨ ᠪᠤᠳᠤᠯᠲᠠ ᠲᠤᠭ᠎ᠠ ᠪᠦᠷᠢᠳᠭᠡᠯ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ  ᠰᠢᠨ᠎ᠡ ᠡᠬᠢᠯᠡᠯᠲᠡ᠂ ᠰᠢᠨ᠎ᠡ ᠠᠵᠠ ᠲᠣᠬᠢᠶᠠᠯ᠂ ᠰᠢᠨ᠎ᠡ ᠡᠭᠦᠷᠭᠡ ᠨᠢ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠨᠠᠩ ᠴᠢᠩᠭ᠎ᠠ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠢᠶᠠᠨ ᠤ ᠵᠠᠰᠠᠭ ᠤᠨ ᠣᠷᠳᠣᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠥᠪ ᠤᠨ ᠦᠨᠳᠦᠰᠦᠨ ᠪᠣᠳᠣᠯᠭ᠎ᠠ ᠴᠢᠭᠯᠡᠯᠲᠡ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠰᠢᠶᠠᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠡᠯ᠎ᠡ ᠲᠠᠯ᠎ᠠ ᠶᠢᠨ ᠠᠵᠢᠯ ᠤᠨ ᠦᠷ᠎ᠡ ᠪᠦᠲᠦᠮᠵᠢ ᠪᠠᠷ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠶᠢ ᠪᠠᠷᠢᠮᠲᠠᠯᠠᠨ᠎ᠠ᠃ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠬᠤ ᠬᠦᠴᠦᠨ ᠢ ᠢᠮᠠᠭᠲᠠ ᠨᠠᠶᠢᠳᠠᠪᠤᠷᠢᠵᠢᠭᠤᠯᠤᠨ᠎ᠠ᠃ ᠪᠠᠭ᠎ᠠ ᠪᠠᠶᠠᠵᠢᠪᠠᠯ ᠠᠮᠤᠷᠵᠢᠬᠤ᠂ ᠪᠠᠭ᠎ᠠ ᠠᠮᠵᠢᠯᠲᠠ ᠣᠯᠪᠠᠯ ᠰᠡᠳᠬᠢᠯ ᠬᠠᠩᠬᠤ ᠰᠡᠳᠬᠢᠯᠭᠡ ᠶᠢ ᠡᠷᠡᠰ ᠲᠡᠪᠴᠢᠵᠦ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠲᠦᠷᠭᠡᠨ ᠬᠤᠪᠢᠷᠠᠭᠤᠯᠵᠤ᠂ ᠪᠠᠶᠢᠷᠢᠰᠢᠯ ᠤᠨ ᠬᠠᠷᠠᠭ᠎ᠠ ᠪᠠᠨ ᠥᠷᠭᠡᠳᠬᠡᠵᠦ᠂ ᠵᠣᠷᠢᠭᠲᠠᠢ ᠪᠠᠷ ᠲᠦᠷᠦᠭᠦᠯᠡᠬᠦ ᠪᠠᠷ ᠲᠡᠮᠡᠴᠡᠬᠦ᠂ ᠵᠣᠷᠢᠭᠲᠠᠢ ᠪᠠᠷ ᠳᠠᠭᠤᠷᠢᠶᠠᠯ ᠪᠣᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠶᠡᠭᠡ ᠪᠠᠷ ᠠᠵᠢᠯᠯᠠᠵᠤ ᠲᠦᠷᠭᠡᠨ ᠬᠥᠭᠵᠢᠬᠦ᠂ ᠥᠷᠯᠥᠭᠡ ᠦᠳᠡᠰᠢ ᠶᠢ ᠲᠡᠮᠡᠴᠡᠬᠦ ᠴᠤᠭ ᠰᠦᠯᠳᠡ ᠶᠢ ᠪᠠᠳᠠᠷᠠᠭᠤᠯᠤᠨ᠂ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠬᠦ᠂ ᠠᠳᠠᠯᠢᠳᠬᠠᠨ ᠰᠤᠷᠴᠤ ᠭᠦᠢᠴᠡᠨ ᠳᠠᠪᠠᠵᠤ ᠭᠠᠷᠬᠤ ᠳᠤᠮᠳᠠ ᠳᠠᠪᠠᠭᠤᠯᠢᠭ ᠪᠠᠶᠢᠷᠢ ᠶᠢ ᠣᠯᠵᠤ᠂ ᠰᠠᠨᠠᠭᠠᠴᠢᠯᠠᠭᠠᠲᠤ ᠪᠠᠶᠢᠷᠢ ᠶᠢ ᠣᠯᠵᠤ᠂ ᠢᠷᠡᠭᠡᠳᠦᠢ ᠶᠢ ᠲᠡᠮᠡᠴᠡᠨ ᠣᠯᠬᠤ ᠪᠠᠷ ᠴᠢᠷᠮᠠᠶᠢᠨ᠎ᠠ᠃  ᠨᠤᠭᠤᠷᠠᠰᠢ ᠦᠭᠡᠢ ᠬᠠᠳᠠᠨ ᠵᠣᠷᠢᠭ ᠢ ᠢᠮᠠᠭᠲᠠ ᠨᠠᠶᠢᠳᠠᠪᠤᠷᠢᠵᠢᠭᠤᠯᠤᠨ᠎ᠠ᠃ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠪᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠭᠦᠷᠭᠡ ᠬᠡᠳᠦᠢ ᠬᠦᠨᠳᠦ ᠪᠠᠶᠢᠭᠰᠠᠨ ᠴᠤ ᠲᠣᠯᠣᠭᠠᠢ ᠪᠥᠬᠦᠶᠢᠬᠦ ᠦᠭᠡᠢ᠂ ᠨᠥᠬᠦᠴᠡᠯ ᠬᠡᠳᠦᠢ ᠬᠦᠴᠢᠷ ᠪᠠᠶᠢᠭᠰᠠᠨ ᠴᠤ ᠤᠬᠤᠷᠢᠬᠤ ᠦᠭᠡᠢ᠃ ᠡᠯ᠎ᠡ ᠵᠦᠢᠯ ᠤᠨ ᠠᠵᠢᠯ ᠢ ᠵᠠᠯᠭᠠᠭ᠎ᠠ ᠪᠠᠷ ᠬᠢᠵᠦ᠂ ᠵᠢᠯ ᠳᠠᠷᠠᠭᠠᠯᠠᠨ ᠠᠳᠬᠤᠵᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠥᠨᠢ ᠤᠳᠠᠭᠠᠨ ᠴᠢᠷᠮᠠᠶᠢᠨ᠎ᠠ᠃  ᠵᠣᠷᠢᠭᠲᠠᠢ ᠪᠠᠷ ᠰᠢᠪᠲᠤᠯᠤᠯᠲᠠ ᠬᠢᠬᠦ ᠭᠠᠪᠰᠢᠭᠠᠶᠢᠯᠠᠬᠤ ᠬᠦᠴᠦᠨ ᠢ ᠢᠮᠠᠭᠲᠠ ᠨᠠᠶᠢᠳᠠᠪᠤᠷᠢᠵᠢᠭᠤᠯᠤᠨ᠎ᠠ᠃ ᠰᠢᠨ᠎ᠡ ᠰᠡᠳᠬᠢᠴᠡ᠂ ᠰᠢᠨ᠎ᠡ ᠠᠷᠭ᠎ᠠ ᠪᠠᠷ ᠰᠢᠨ᠎ᠡ ᠬᠦᠴᠢᠷ ᠠᠰᠠᠭᠤᠳᠠᠯ ᠢ ᠢᠯᠡᠭᠦᠬᠡᠨ ᠰᠢᠢᠳᠪᠦᠷᠢᠯᠡᠵᠦ᠂ ᠲᠥᠪ ᠤᠨ ᠱᠠᠭᠠᠷᠳᠠᠯᠭ᠎ᠠ ᠳᠤ ᠨᠡᠶᠢᠴᠡᠵᠦ᠂ ᠬᠥᠭᠵᠢᠯᠲᠡ ᠳᠤ ᠠᠰᠢᠭᠲᠠᠢ᠂ ᠠᠷᠠᠳ ᠤᠯᠠᠨ ᠳᠤ ᠠᠰᠢᠭᠲᠠᠢ ᠯᠠ ᠶᠤᠮ ᠪᠣᠯ ᠴᠥᠮ ᠵᠣᠷᠢᠭᠲᠠᠢ ᠪᠠᠷ ᠰᠦᠪᠡᠭᠴᠢᠯᠡᠵᠦ᠂ ᠵᠣᠷᠢᠭᠲᠠᠢ ᠪᠠᠷ ᠬᠢᠨ᠎ᠡ᠃ ᠣᠨᠣᠴᠢᠲᠠᠢ ᠦᠵᠡᠵᠦ ᠭᠠᠷᠤᠭᠰᠠᠨ ᠤ ᠬᠤᠶᠢᠨ᠎ᠠ ᠲᠣᠭᠲᠠᠭᠠᠭᠰᠠᠨ ᠶᠠᠪᠤᠳᠠᠯ ᠢᠶᠠᠨ ᠱᠠᠯᠠᠪᠳᠠᠨ ᠬᠢᠵᠦ᠂ ᠠᠰᠢᠭᠲᠠᠢ ᠴᠠᠭ ᠲᠣᠬᠢᠶᠠᠯ ᠪᠦᠬᠦᠨ ᠢ ᠠᠳᠬᠤᠵᠤ᠂ ᠠᠰᠢᠭᠲᠠᠢ ᠨᠥᠬᠦᠴᠡᠯ ᠪᠦᠬᠦᠨ ᠢ ᠠᠰᠢᠭᠯᠠᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠵᠤ᠂ ᠨᠢᠭᠡ ᠵᠦᠢᠯ ᠢ ᠬᠢᠪᠡᠯ ᠨᠢᠭᠡ ᠵᠦᠢᠯ  ᠪᠦᠳᠦᠭᠡᠨ᠎ᠡ᠃ ᠪᠣᠳᠠᠲᠤ ᠠᠵᠢᠯᠯᠠᠭ᠎ᠠ ᠶᠢ ᠣᠯᠵᠤ ᠬᠠᠷᠠᠨ ᠦᠷ᠎ᠡ ᠪᠦᠲᠦᠮᠵᠢ ᠭᠠᠷᠭᠠᠬᠤ ᠪᠣᠳᠠᠲᠤ ᠬᠦᠴᠦᠨ‌ᠢ ᠢᠮᠠᠭᠲᠠ ᠨᠠᠶᠢᠳᠠᠪᠤᠷᠢᠵᠢᠭᠤᠯᠤᠨ᠎ᠠ᠃ ᠪᠣᠳᠠᠲᠠᠢ ᠠᠵᠢᠯ ᠬᠢᠬᠦ᠂ ᠪᠣᠳᠠᠲᠠᠢ ᠠᠷᠭ᠎ᠠ ᠰᠦᠪᠡᠭᠴᠢᠯᠡᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠭᠦᠢᠴᠡᠳᠭᠡᠭᠴᠢ᠂ ᠦᠢᠯᠡ ᠠᠵᠢᠯᠯᠠᠭ᠎ᠠ ᠶᠢᠨ ᠪᠣᠳᠠᠲᠠᠢ ᠠᠵᠢᠯᠯᠠᠭᠴᠢ ᠪᠣᠯᠵᠤ᠂ ᠦᠷ᠎ᠡ ᠳ᠋ᠦᠩ ᠢᠶᠠᠷ ᠦᠭᠡ ᠬᠡᠯᠡᠵᠦ᠂ ᠦᠷ᠎ᠡ ᠪᠦᠲᠦᠮᠵᠢ ᠪᠠᠷ ᠳᠠᠩᠰᠠ ᠮᠡᠳᠡᠭᠦᠯᠵᠦ᠂ ᠪᠣᠳᠠᠲᠤ ᠠᠮᠵᠢᠯᠲᠠ ᠪᠠᠷ ᠨᠢ ᠰᠢᠯᠭᠠᠯᠲᠠ ᠶᠢᠨ ᠬᠠᠭᠤᠳᠠᠰᠤ ᠪᠠᠨ ᠲᠤᠰᠢᠶᠠᠨ᠃ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠲᠦᠷᠦ ᠶᠢᠨ ᠪᠣᠳᠣᠯᠭ᠎ᠠ ᠶᠢ ᠰᠡᠳᠬᠢᠴᠡ ᠪᠣᠯᠭᠠᠵᠤ᠂ ᠰᠡᠳᠬᠢᠴᠡ ᠶᠢ ᠲᠥᠰᠥᠯ ᠪᠣᠯᠭᠠᠵᠤ᠂ ᠲᠥᠰᠥᠯ ᠢ ᠪᠣᠳᠠᠲᠠᠢ ᠲᠦᠷᠦᠯ ᠵᠦᠢᠯ ᠪᠣᠯᠭᠠᠨ᠎ᠠ᠃ ᠤᠯᠠᠨ ᠲᠦᠮᠡᠨ ᠤ ᠪᠠᠴᠢᠮ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠭᠰᠡᠨ᠂ ᠠᠷᠠᠳ ᠤᠨ ᠰᠡᠳᠬᠢᠯ ᠢ ᠣᠯᠣᠭᠰᠠᠨ ᠨᠢᠭᠡ ᠪᠦᠯᠦᠭ ᠪᠣᠳᠠᠲᠤ ᠶᠠᠪᠤᠳᠠᠯ ᠰᠠᠶᠢᠨ ᠶᠠᠪᠤᠳᠠᠯ ᠢ ᠪᠦᠲᠦᠭᠡᠨ᠎ᠡ᠃ ᠴᠢᠩᠭ᠎ᠠ ᠠᠳᠬᠤᠵᠤ ᠴᠢᠩᠭ᠎ᠠ ᠬᠠᠮᠢᠶᠠᠷᠬᠤ ᠬᠠᠲᠠᠭᠤ ᠬᠦᠴᠦᠨ ᠢ ᠢᠮᠠᠭᠲᠠ ᠨᠠᠶᠢᠳᠠᠪᠤᠷᠢᠵᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠂︽ᠤᠳᠠᠭᠠᠨ ᠪᠦᠳᠦᠭᠦᠯᠢᠭ ᠪᠠᠭᠤᠷᠠᠢ︾ᠵᠡᠷᠭᠡ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠴᠢᠷ ᠶᠠᠪᠤᠳᠠᠯ ᠪᠦᠲᠦᠭᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠡᠷᠬᠡ ᠶᠢᠨ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠠᠷᠪᠢᠯᠠᠨ ᠭᠠᠮᠨᠠᠬᠤ ᠶᠢ ᠪᠠᠷᠢᠮᠲᠠᠯᠠᠵᠤ᠂ ︽ᠠᠷᠪᠢᠯᠠᠨ ᠭᠠᠮᠨᠠᠬᠤ︾ ᠶᠢ ᠪᠠᠶᠢᠩᠭᠤ ᠶᠢᠨ ᠪᠠᠶᠢᠳᠠᠯ ᠪᠣᠯᠭᠠᠵᠤ᠂ ᠬᠢᠵᠠᠭᠠᠷ ᠲᠠᠢ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠤᠨ᠎ᠠ᠃  ᠲᠥᠯᠥᠭᠡᠯᠡᠭᠴᠢᠳ ᠠ᠋᠂ ᠮᠠᠨᠣᠰ ᠤᠨ ᠵᠠᠮ ᠬᠤᠯᠠ ᠡᠭᠦᠷᠭᠡ ᠬᠦᠨᠲᠦ᠂ ᠰᠠᠶᠢᠨ ᠰᠠᠶᠢᠬᠠᠨ ᠢᠷᠡᠭᠡᠳᠦᠢ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠬᠡᠷᠩᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠷᠠᠯᠲᠠ ᠪᠠᠨ ᠲᠣᠭᠲᠠᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠢᠩᠴᠧᠩ ᠤᠨ ᠴᠢᠨᠠᠷ ᠰᠠᠶᠢᠲᠠᠢ ᠬᠥᠭᠵᠢᠯᠲᠡ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号