ᠨᠢᠩᠴᠧᠩ ᠰᠢᠶᠠᠨ ᠡᠷᠡᠭᠦᠯᠵᠢᠯ ᠤᠨ ᠢᠳᠡᠭᠡᠨ ᠤ ᠠᠵᠢᠯ ᠲᠥᠷᠥᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/11
 ᠨᠢᠩᠴᠧᠩ ᠰᠢᠶᠠᠨ ᠤ ᠡᠷᠡᠭᠦᠯᠵᠢᠯ ᠤᠨ ᠡᠳ᠋ ᠤᠨ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠷᠡᠭᠦᠯᠵᠢᠯ ᠤᠨ ᠡᠳ᠋ ᠤᠨ ᠠᠵᠢᠯ ᠲᠥᠷᠥᠯ ᠤᠨ ᠡᠷᠦᠢ ᠬᠤᠷᠤᠢ ᠦᠭᠡᠢ ᠦᠵᠡᠭᠳᠡᠯ ᠢ ᠴᠡᠭᠴᠡᠯᠡᠨ ᠵᠠᠰᠠᠵᠤ᠂ ᠡᠷᠡᠭᠦᠯᠵᠢᠯ ᠤᠨ ᠡᠳ᠋ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠴᠡᠪᠡᠷᠰᠢᠭᠦᠯᠬᠦ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠡᠷᠡᠭᠦᠯᠵᠢᠯ ᠤᠨ ᠢᠳᠡᠭᠡᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠷᠡᠭᠦᠯᠵᠢᠯ ᠤᠨ ᠡᠳ᠋ ᠤᠨ ᠪᠣᠷᠤᠯᠠᠭᠤᠯᠭ᠎ᠠ ᠶᠢᠨ ᠳᠡᠯᠭᠡᠭᠦᠷ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠡᠵᠡᠩᠨᠡᠯᠲᠡ ᠶᠢᠨ ᠳᠡᠯᠭᠡᠭᠦᠷ ᠵᠡᠷᠭᠡ ᠲᠠᠯᠠᠪᠤᠷ ᠢᠶᠠᠷ ᠭᠤᠣᠯᠳᠠᠯᠭ᠎ᠠ ᠪᠣᠯᠭᠠᠵᠤ᠂ ᠨᠢᠭᠡ ᠳᠤ ᠡᠷᠡᠭᠦᠯᠵᠢᠯ ᠤᠨ ᠡᠳ᠋ ᠤᠨ ᠵᠠᠷ ᠲᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠴᠢᠳᠠᠮᠵᠢ ᠶᠢ ᠤᠬᠠᠭᠤᠯᠬᠤ ᠵᠡᠷᠭᠡ ᠠᠭᠤᠯᠭ᠎ᠠ ᠪᠠᠶᠢᠬᠤ ᠡᠰᠡᠬᠦ᠂ ᠡᠷᠡᠭᠦᠯ ᠮᠡᠨᠳᠦ᠂ ᠪᠡᠶ᠎ᠡ ᠰᠤᠪᠢᠯᠠᠯᠲᠠ ᠶᠢᠨ ᠮᠡᠳᠡᠯᠭᠡ ᠶᠢ ᠲᠠᠨᠢᠯᠴᠠᠭᠤᠯᠬᠤ ᠵᠡᠷᠭᠡ ᠬᠡᠯᠪᠡᠷᠢ ᠪᠠᠷ ᠡᠷᠡᠭᠦᠯᠵᠢᠯ ᠤᠨ ᠡᠳ᠋ ᠤᠨ ᠵᠠᠷ ᠢ ᠬᠡᠯᠪᠡᠷᠢ ᠶᠢ ᠨᠢ ᠥᠭᠡᠷᠡᠲᠦᠭᠦᠯᠦᠨ ᠨᠡᠶᠢᠲᠡᠯᠡᠭᠰᠡᠨ ᠡᠰᠡᠬᠦ ᠵᠡᠷᠭᠡ ᠶᠢ  ᠪᠠᠶᠢᠴᠠᠭᠠᠪᠠ᠃ ᠬᠤᠶᠠᠷ ᠲᠤ᠂ ᠡᠷᠡᠭᠦᠯᠵᠢᠯ ᠤᠨ ᠡᠳ᠋ ᠤᠨ ᠦᠢᠯᠡᠳᠦᠯ᠂ ᠦᠢᠯᠡᠳᠦᠯ ᠢ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠭᠤᠷᠪᠠ ᠳᠤ ᠲᠠᠸᠠᠷ ᠤᠨ ᠦᠨ᠎ᠡ ᠬᠠᠩᠰᠢ ᠶᠢ ᠢᠯᠡ ᠬᠠᠳᠠᠭᠰᠠᠨ ᠡᠰᠡᠬᠦ᠂ ᠬᠤᠳᠠᠯ ᠬᠠᠭᠤᠷᠮᠠᠭ ᠪᠤᠶᠤ ᠬᠥᠮᠥᠰ ᠢ ᠡ᠊ᠨᠳᠡᠭᠦᠷᠡᠭᠦᠯᠬᠦ ᠦᠨ᠎ᠡ ᠬᠠᠳᠠᠭᠰᠠᠨ ᠠᠭᠤᠯᠭ᠎ᠠ ᠪᠠ ᠠᠷᠭ᠎ᠠ ᠮᠠᠶ᠋ᠢᠭ ︵ᠤᠭ ᠦᠨ᠎ᠡ ᠶᠢ ᠬᠤᠳᠠᠯ ᠢᠶᠠᠷ ᠵᠣᠬᠢᠶᠠᠭᠰᠠᠨ᠂ ᠬᠤᠳᠠᠯ ᠢᠶᠠᠷ ᠬᠢᠮᠳᠠᠷᠠᠭᠤᠯᠤᠭᠰᠠᠨ᠂ ᠦᠨ᠎ᠡ ᠬᠠᠩᠰᠢ ᠶᠢᠨ ᠠᠮᠠᠯᠠᠯᠲᠠ ᠪᠠᠨ ᠭᠦᠢᠴᠡᠳᠬᠡᠭᠰᠡᠨ ᠦᠭᠡᠢ ᠵᠡᠷᠭᠡ︶ ᠢ ᠠᠰᠢᠭᠯᠠᠨ ᠦᠨ᠎ᠡ ᠬᠠᠩᠰᠢ ᠶᠢᠨ ᠮᠡᠬᠡᠯᠡᠯ ᠬᠢᠭᠰᠡᠨ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠡᠷᠦᠬᠡ ᠳᠤ ᠡᠷᠡᠭᠦᠯᠵᠢᠯ ᠤᠨ ᠡᠳ᠋ ᠤᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠡᠵᠡᠩᠨᠡᠯᠲᠡ ᠶᠢᠨ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠪᠠᠨ ᠵᠢᠷᠤᠮᠵᠢᠭᠤᠯᠬᠤ ᠶᠢ ᠰᠢᠪᠠᠳᠠᠨ ᠱᠠᠭᠠᠷᠳᠠᠵᠤ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯᠵᠢᠯ ᠤᠨ ᠢᠳᠡᠭᠡᠨ ᠢ ᠵᠥᠪ ᠲᠠᠨᠢᠭᠤᠯᠵᠤ᠂ ᠰᠢᠨᠵᠢᠯᠡᠬᠦ ᠤᠬᠠᠭᠠᠨᠴᠢ ᠪᠥᠭᠡᠳ ᠣᠶᠤᠨᠴᠢ ᠪᠠᠷ ᠬᠡᠷᠡᠭᠯᠡᠭᠡ ᠬᠢᠯᠭᠡᠨ᠎ᠡ᠃ ᠣᠲᠣ ᠪᠣᠯᠲᠠᠯ᠎ᠠ᠂ ᠨᠡᠶᠢᠲᠡ 34 ᠡᠷᠡᠭᠦᠯᠵᠢᠯ ᠤᠨ ᠢᠳᠡᠭᠡᠨ ᠤ ᠪᠣᠷᠤᠯᠠᠭᠤᠯᠭ᠎ᠠ ᠶᠢᠨ ᠨᠢᠭᠡᠴᠡ ᠶᠢ ᠪᠠᠶᠢᠴᠠᠭᠠᠵᠤ᠂ 500 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠤ ᠬᠢᠨ ᠡᠷᠡᠭᠦᠯᠵᠢᠯ ᠤᠨ ᠢᠳᠡᠭᠡᠨ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠵᠡᠩᠨᠡᠯᠲᠡ ᠶᠢᠨ ᠨᠢᠭᠡᠴᠡ ᠶᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号