| ᠨᠢᠭᠡ ᠳᠤ ᠰᠤᠷᠭᠠᠭᠤᠯᠢ ᠠᠴᠠ ᠰᠤᠷᠤᠭᠴᠢᠳ ᠤᠨ ᠳᠣᠷᠣᠮᠵᠢᠯᠠᠯ ᠢ ᠵᠠᠰᠠᠬᠤ ᠠᠵᠢᠯ ᠢ ᠢᠮᠠᠭᠲᠠ ᠴᠢᠩᠭ᠎ᠠ | ᠠᠳᠬᠤᠵᠤ᠂ ᠰᠤᠷᠤᠭᠴᠢᠳ ᠤᠨ ᠳᠣᠷᠣᠮᠵᠢᠯᠠᠯ ᠤᠨ ᠬᠡᠷᠡᠭ ᠭᠠᠷᠬᠤ ᠶᠢ ᠴᠢᠩᠭ᠎ᠠ ᠰᠡᠷᠭᠡᠶᠢᠯᠡᠨ᠎ᠡ᠃ ᠬᠠᠤᠯᠢ ᠪᠠᠷ | ᠵᠠᠰᠠᠬᠤ 93 ᠳᠡᠳ᠋ ᠵᠠᠬᠢᠷᠤᠯ ᠪᠠ ᠬᠠᠤᠯᠢ ᠪᠠᠷ ᠵᠠᠰᠠᠬᠤ 18 ᠬᠠᠪᠰᠤᠷᠤᠨ ᠵᠢᠯᠣᠭᠤᠳᠤᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠠᠤᠯᠢ ᠳᠦᠷᠢᠮ ᠤᠨ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠢ | ᠥᠷᠨᠢᠭᠦᠯᠵᠦ᠂ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠵᠤ᠂ ᠰᠤᠷᠤᠭᠴᠢᠳ ᠲᠤ | ᠳᠣᠷᠣᠮᠵᠢᠯᠠᠬᠤ ᠠᠵᠢᠯᠯᠠᠭ᠎ᠠ ᠬᠢᠬᠦ ᠶᠢᠨ ᠬᠦᠨᠳᠦ ᠨᠣᠴᠢᠲᠠᠢ ᠦᠷ᠎ᠡ ᠳ᠋ᠦᠩ ᠢ ᠭᠦᠨᠵᠡᠭᠡᠢ ᠣᠶᠢᠯᠠᠭᠠᠭᠤᠯᠤᠨ᠎ᠠ᠃ | ᠬᠤᠶᠠᠷ ᠲᠤ ᠳᠣᠷᠣᠮᠵᠢᠯᠠᠯ ᠢ ᠰᠡᠷᠭᠡᠶᠢᠯᠡᠨ ᠵᠠᠰᠠᠬᠤ ᠪᠠ ᠵᠥᠷᠢᠴᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠳᠣᠷᠣᠮᠵᠢᠯᠠᠯ ᠤᠨ ᠬᠡᠷᠡᠭ ᠡᠭᠦᠰᠴᠦ ᠮᠡᠳᠡᠬᠦ ᠴᠤᠬᠤᠶᠢᠯᠲᠠ ᠶᠢᠨ | ᠴᠢᠨᠠᠷᠲᠠᠢ ᠠᠰᠠᠭᠤᠳᠠᠯ ᠢ ᠡᠮᠬᠢᠯᠡᠨ ᠡᠷᠢᠵᠦ᠂ ᠠᠩᠭᠢ ᠶᠢᠨ ᠠᠮᠤᠷ ᠲᠦᠪᠰᠢᠨ ᠤ ᠭᠡᠰᠢᠭᠦᠨ ᠢ ᠰᠠᠶᠢᠲᠤᠷ ᠬᠡᠷᠡᠭᠯᠡᠨ᠂ | ᠵᠣᠷᠯᠣᠩ᠂ ᠪᠠᠶᠢᠷᠢ ᠵᠡᠷᠭᠡ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠠᠮᠠᠷᠬᠠᠨ ᠡᠭᠦᠰᠬᠦ ᠭᠠᠵᠠᠷ ᠲᠤ ᠪᠠᠶᠢᠩᠭᠤ | ᠲᠣᠭᠤᠷᠢᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠢᠬᠤᠯᠠ ᠪᠦᠬᠦᠢ ᠬᠠᠮᠢᠶᠠᠷᠬᠤ | ᠠᠷᠭ᠎ᠠ ᠬᠡᠮᠵᠢᠶ᠎ᠡ ᠠᠪᠴᠤ᠂ ᠵᠥᠷᠢᠴᠡᠯ ᠤᠨ ᠳᠠᠯᠳᠠ ᠬᠡᠮ ᠢ ᠠᠷᠢᠯᠭᠠᠨ᠂ ᠰᠤᠷᠤᠭᠴᠢᠳ ᠤᠨ ᠳᠣᠷᠣᠮᠵᠢᠯᠠᠯ ᠤᠨ ᠬᠡᠷᠡᠭ | ᠡᠭᠦᠰᠬᠦ ᠶᠢ ᠰᠡᠷᠭᠡᠶᠢᠯᠡᠨ ᠬᠤᠷᠢᠭᠯᠠᠨ᠎ᠠ᠃ ᠭᠤᠷᠪᠠ ᠳᠤ ︽ᠨᠢᠭᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ ᠶᠢᠨ | ᠪᠢᠴᠢᠭ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ | ᠲᠤᠰᠬᠠᠢ ᠰᠡᠳᠦᠪᠲᠦ ᠬᠥᠮᠦᠵᠢᠯ ᠢ ᠥᠷᠨᠢᠭᠦᠯᠵᠦ᠂ ᠠᠯᠪᠠᠳᠠᠯᠭ᠎ᠠ ᠪᠠᠷ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠂ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠠ ᠪᠠᠭᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠪᠡᠯᠭᠡ ᠶᠢᠨ ᠬᠠᠯᠳᠠᠯᠭ᠎ᠠ ᠶᠢᠨ ᠬᠡᠷᠡᠭ ᠭᠠᠷᠬᠤ ᠶᠢ ᠴᠢᠩᠭ᠎ᠠ ᠰᠡᠷᠭᠡᠶᠢᠯᠡᠨ᠎ᠡ᠃ ᠳᠥᠷᠪᠡ ᠳᠤ ᠮᠡᠬᠡᠯᠡᠬᠦ ᠶᠢ ᠡᠰᠡᠷᠭᠦᠴᠡᠬᠦ | ᠮᠡᠬᠡᠯᠡᠬᠦ ᠶᠢ ᠰᠡᠷᠭᠡᠶᠢᠯᠡᠬᠦ ᠪᠠ ︽ᠬᠤᠶᠠᠷ ᠺᠠᠷᠲ︾ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠠᠵᠢᠯ ᠢ | ᠥᠷᠨᠢᠭᠦᠯᠵᠦ᠂ ᠭᠠᠷ ᠤᠲᠠᠰᠤᠨ ᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠬᠠᠤᠯᠢ ᠪᠠᠷ ᠵᠠᠰᠠᠬᠤ | ᠬᠥᠮᠦᠵᠢᠯ ᠪᠠ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠦᠯ ᠢ ᠴᠢᠩᠭᠠᠳᠬᠠᠵᠤ᠂ ᠨᠠᠰᠤᠨ ᠳᠤ ᠦᠯᠤ ᠬᠥᠷᠦᠭᠰᠡᠳ ᠤᠨ | ᠶᠠᠯᠠᠲᠤ ᠠᠵᠢᠯᠯᠠᠭ᠎ᠠ ᠬᠢᠬᠦ ᠶᠢ ᠤᠷᠢᠳᠴᠢᠯᠠᠨ ᠰᠡᠷᠭᠡᠶᠢᠯᠡᠨ᠎ᠡ᠃ | |