| ᠬᠠᠪᠤᠷ ᠤᠨ ᠲᠠᠷᠢᠶᠠᠯᠠᠭ᠎ᠠ ᠶᠢᠨ ᠤᠯᠠᠷᠢᠯ ᠪᠣᠯᠬᠤ ᠳᠤ᠂ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ | ᠬᠡᠮᠵᠢᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠴᠡᠭᠴᠡᠯᠡᠨ ᠵᠢᠷᠤᠮᠵᠢᠭᠤᠯᠵᠤ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠪ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠣᠶᠢᠷ᠎ᠠ ᠳᠤ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠤᠨ | ᠰᠠᠯᠠᠭ᠎ᠠ᠂ ᠤᠯᠠᠭᠠᠨᠬᠠᠳᠠ ᠬᠤᠲᠠ ᠶᠢᠨ ᠦᠢᠯᠡᠳᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠲᠥᠪ ᠲᠠᠢ | ᠬᠠᠮᠲᠤᠷᠠᠨ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠲᠥᠷᠥᠯ ᠤᠨ ᠲᠣᠭᠲᠠᠭᠰᠠᠨ | ᠬᠡᠮᠵᠢᠶ᠎ᠡ ᠲᠠᠢ ᠪᠣᠭᠤᠳᠠᠯᠯᠠᠬᠤ ᠲᠠᠸᠠᠷ ᠤᠨ ᠬᠡᠮᠵᠢᠯᠲᠡ ᠶᠢᠨ ᠲᠤᠰᠬᠠᠢ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃ | ᠲᠤᠰ ᠤᠳᠠᠭᠠᠨ ᠤ ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠡᠮᠵᠢᠯᠲᠡ ᠶᠢᠨ ᠬᠠᠤᠯᠢ︾ ︽ᠲᠣᠭᠲᠠᠭᠰᠠᠨ ᠬᠡᠮᠵᠢᠶ᠎ᠡ ᠲᠠᠢ ᠪᠣᠭᠤᠳᠠᠯᠯᠠᠬᠤ ᠲᠠᠸᠠᠷ ᠤᠨ | ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ︽ᠪᠠᠶᠢᠴᠠᠭᠠᠬᠤ + | ᠰᠤᠭᠤᠴᠢᠨ ᠪᠠᠶᠢᠴᠠᠭᠠᠬᠤ︾ ᠠᠷᠭ᠎ᠠ ᠮᠠᠶ᠋ᠢᠭ ᠢ ᠠᠪᠴᠤ᠂ ᠲᠠᠷᠢᠶᠠᠨ ᠦᠷ᠎ᠡ᠂ ᠬᠢᠮᠢ ᠶᠢᠨ ᠪᠣᠷᠳᠣᠭᠤᠷ᠂ ᠲᠡᠵᠢᠭᠡᠯ | ᠪᠣᠷᠳᠤᠭ᠎ᠠ ᠪᠣᠯᠣᠨ ᠣᠶᠢᠷ᠎ᠠ ᠶᠢᠨ ᠭᠤᠷᠪᠠᠨ ᠵᠢᠯ ᠤᠨ ᠲᠣᠭᠲᠠᠭᠰᠠᠨ ᠬᠡᠮᠵᠢᠶ᠎ᠡ ᠲᠠᠢ ᠪᠣᠭᠤᠳᠠᠯᠯᠠᠭᠰᠠᠨ ᠲᠠᠸᠠᠷ ᠤᠨ | ᠴᠡᠪᠡᠷ ᠠᠭᠤᠯᠤᠭᠳᠠᠴᠠ ᠶᠢ ᠪᠠᠶᠢᠴᠠᠭᠠᠬᠤ ᠳᠤ ᠬᠢᠷᠢ ᠲᠡᠩᠴᠡᠬᠦ ᠦᠭᠡᠢ ᠠᠵᠤ ᠠᠬᠤᠶᠢᠯᠠᠯ ᠤᠨ ᠦᠢᠯᠡᠳᠬᠦᠨ ᠢᠶᠠᠷ | ᠭᠤᠣᠯᠳᠠᠯᠭ᠎ᠠ ᠪᠣᠯᠭᠠᠵᠤ᠂ ᠲᠣᠭᠲᠠᠭᠰᠠᠨ ᠬᠡᠮᠵᠢᠶ᠎ᠡ ᠲᠠᠢ ᠪᠣᠭᠤᠳᠠᠯᠯᠠᠭᠰᠠᠨ ᠲᠠᠸᠠᠷ ᠤᠨ ᠴᠡᠪᠡᠷ ᠠᠭᠤᠯᠤᠭᠳᠠᠴᠠ ᠶᠢᠨ | ᠲᠣᠳᠣᠷᠬᠠᠶᠢᠯᠠᠯᠲᠠ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠰᠡᠬᠦ᠂ ᠴᠡᠪᠡᠷ | ᠠᠭᠤᠯᠤᠭᠳᠠᠴᠠ ᠶᠢᠨ ᠣᠨᠣᠪᠴᠢᠲᠠᠶ ᠡᠰᠡᠬᠦ ᠵᠡᠷᠭᠡ ᠠᠭᠤᠯᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃ | ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠵᠠᠬ᠎ᠠ ᠳᠡᠯᠭᠡᠭᠦᠷ ᠢᠯᠠᠩᠭᠤᠶ᠎ᠠ | ᠬᠥᠳᠡᠭᠡ ᠲᠣᠰᠬᠤᠨ ᠤ ᠭᠠᠵᠠᠷ ᠣᠷᠣᠨ ᠤ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠦᠷ᠎ᠡ᠂ ᠬᠢᠮᠢ ᠶᠢᠨ | ᠪᠣᠷᠳᠣᠭᠤᠷ᠂ ᠲᠡᠵᠢᠭᠡᠯ ᠪᠣᠷᠳᠤᠭ᠎ᠠ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠡᠷᠭᠡ 4 ᠲᠥᠷᠥᠯ ᠤᠨ | ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠲᠣᠭᠲᠠᠭᠰᠠᠨ ᠬᠡᠮᠵᠢᠶ᠎ᠡ ᠪᠠᠷ ᠪᠣᠭᠤᠳᠠᠯᠯᠠᠭᠰᠠᠨ ᠲᠠᠸᠠᠷ ᠵᠢᠴᠢ ᠬᠡᠷᠡᠭᠯᠡᠵᠦ | ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠪᠠᠶᠢᠴᠠᠭᠠᠯᠲᠠ ᠶᠢ ᠬᠦᠯᠢᠶᠡᠭᠰᠡᠨ ᠪᠠᠶᠢᠳᠠᠯ ᠢ ᠭᠤᠣᠯᠳᠠᠯᠭ᠎ᠠ ᠲᠠᠢ | ᠪᠠᠶᠢᠴᠠᠭᠠᠪᠡ᠃ ᠳᠠᠮᠵᠢᠭᠤᠯᠤᠨ ᠪᠣᠷᠣᠯᠠᠭᠤᠯᠬᠤ ᠪᠡᠶᠡᠴᠢ ᠴᠣᠭᠴᠠ ᠨᠢ ᠲᠠᠸᠠᠷ ᠤᠨ ᠪᠣᠭᠤᠳᠠᠯ ᠪᠠᠭᠯᠠᠭ᠎ᠠ ᠶᠢᠨ ᠢᠶᠠᠨ | ᠢᠯᠡᠷᠬᠡᠢ ᠪᠠᠶᠢᠷᠢᠨ ᠳᠤ ᠲᠣᠭᠲᠠᠭᠰᠠᠨ ᠬᠡᠮᠵᠢᠶ᠎ᠡ ᠲᠠᠢ ᠪᠣᠭᠤᠳᠠᠯ ᠪᠠᠭᠯᠠᠭ᠎ᠠ ᠶᠢᠨ ᠲᠠᠸᠠᠷ ᠤᠨ ᠴᠡᠪᠡᠷ ᠠᠭᠤᠯᠤᠭᠳᠠᠴᠠ | ᠵᠢᠴᠢ ᠲᠣᠳᠣᠷᠬᠠᠶᠢᠯᠠᠭᠰᠠᠨ ᠴᠡᠪᠡᠷ ᠠᠭᠤᠯᠤᠭᠳᠠᠴᠠ ᠨᠢ ᠪᠣᠳᠠᠲᠠᠢ ᠠᠭᠤᠯᠤᠭᠳᠠᠴᠠ ᠲᠠᠢ ᠪᠠᠨ ᠨᠡᠶᠢᠴᠡᠵᠦ ᠪᠠᠶᠢᠬᠤ | ᠡᠰᠡᠬᠦ᠂ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠲᠦᠷᠦᠯ ᠤᠨ ᠡᠵᠡᠩᠨᠡᠯᠲᠡ ᠶᠢᠨ ᠪᠡᠶᠡᠴᠢ ᠴᠣᠭᠴᠠ ᠨᠢ | ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠵᠦ ᠪᠠᠶᠢᠬᠤ ᠳᠠᠭᠠᠨ ᠰᠢᠯᠭᠠᠨ ᠲᠣᠭᠲᠠᠭᠠᠯᠭᠠᠵᠤ ᠥᠩᠭᠡᠷᠡᠭᠰᠡᠨ ᠡᠰᠡᠬᠦ | ᠵᠡᠷᠭᠡ ᠪᠠᠶᠢᠳᠠᠯ ᠢ ᠵᠥᠪ ᠣᠨᠣᠪᠴᠢᠲᠠᠶ ᠪᠥᠭᠡᠳ ᠲᠣᠳᠣᠷᠬᠠᠢ ᠲᠣᠳᠣᠷᠬᠠᠶᠢᠯᠠᠭᠰᠠᠨ ᠡᠰᠡᠬᠦ᠃ ᠡᠭᠦᠨ ᠤ ᠬᠠᠮᠲᠤ᠂ | ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠯ᠎ᠡ ᠡᠵᠡᠩᠨᠡᠯᠲᠡ ᠶᠢᠨ ᠭᠤᠣᠯ ᠴᠣᠭᠴᠠ ᠳᠤ ᠬᠡᠮᠵᠢᠯᠲᠡ ᠶᠢᠨ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠲᠡᠳᠡᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠵᠤ᠂ ᠬᠠᠤᠯᠢ ᠶᠣᠰᠣᠭᠠᠷ ᠦᠢᠯᠡᠳᠪᠦᠷᠢᠯᠡᠬᠦ᠂ | ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠪᠡᠶᠡᠯᠡᠭᠦᠯᠪᠡ᠃ | ᠣᠲᠣ ᠪᠣᠯᠲᠠᠯ᠎ᠠ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠨᠡᠶᠢᠲᠡ 12 ᠪᠠᠶᠢᠴᠠᠭᠠᠵᠤ᠂ 49 | ᠪᠦᠯᠦᠭ ᠥᠯᠢᠭᠡᠷ ᠡᠳ᠋ ᠢ ᠰᠣᠩᠭᠤᠨ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ | ᠴᠢᠭᠯᠡᠭᠦᠯᠦᠨ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ᠃ | ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ᠂ | ᠡᠵᠡᠩᠨᠡᠯᠲᠡ ᠶᠢᠨ ᠪᠡᠶᠡᠴᠢ ᠴᠣᠭᠴᠠ ᠶᠢᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ ᠲᠣᠭᠲᠠᠮᠠᠯ | ᠬᠤᠭᠤᠴᠠᠭ᠎ᠠ ᠲᠠᠢ ᠪᠠᠷ ᠣᠨ ᠤ ᠪᠠᠶᠢᠴᠠᠭᠠᠯᠲᠠ ᠬᠢᠬᠦ ᠠᠵᠢᠯ ᠢ ᠬᠢᠨᠠᠮᠠᠭᠠᠢ ᠥᠷᠨᠢᠭᠦᠯᠵᠦ᠂ ᠲᠠᠷᠢᠶᠠᠴᠢᠳ ᠢ ᠬᠢᠬᠠᠵᠤ | ᠲᠠᠷᠢᠶᠠᠴᠢᠳ ᠢ ᠬᠤᠬᠢᠷᠠᠭᠤᠯᠬᠤ ᠬᠠᠤᠯᠢ ᠶᠢ ᠵᠥᠷᠢᠴᠡᠭᠰᠡᠨ ᠠᠵᠢᠯᠯᠠᠭ᠎ᠠ ᠡᠭᠦᠰᠬᠦ ᠶᠢ ᠪᠦᠲᠦᠮᠵᠢᠲᠡᠶ ᠰᠡᠷᠭᠡᠶᠢᠯᠡᠨ | ᠬᠤᠷᠢᠭᠯᠠᠵᠤ᠂ ᠥᠷᠭᠡᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ | |