| ᠨᠢᠭᠡ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠵᠣᠷᠢᠯᠭ᠎ᠠ | ᠨᠢᠩᠴᠧᠩ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠤᠭᠰᠠᠨ | ᠬᠤᠤᠷ ᠬᠥᠨᠥᠭᠡᠯ ᠢ ᠴᠠᠭ ᠲᠤᠬᠠᠶ ᠳᠤᠨᠢ ᠪᠦᠲᠦᠮᠵᠢᠲᠡᠶ ᠬᠢᠵᠠᠭᠠᠷᠯᠠᠵᠤ᠂ ᠪᠠᠭᠠᠰᠬᠠᠬᠤ ᠪᠤᠶᠤ ᠠᠷᠢᠯᠭᠠᠵᠤ᠂ ᠣᠯᠠᠨ | ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠤᠰᠠᠳᠠ᠂ ᠲᠣᠰ ᠪᠡᠯᠡᠳᠬᠡᠯ ᠲᠥᠰᠦᠯ ᠢ ᠣᠨᠴᠠᠭᠠᠶᠢᠯᠠᠨ | ᠲᠣᠭᠲᠠᠭᠠᠪᠠ᠃ | ᠬᠤᠶᠠᠷ᠂ ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠨᠢ ᠨᠢᠩᠴᠧᠩ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠲᠣᠬᠢᠷᠠᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ᠨᠢᠩᠴᠧᠩ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ︵ᠳᠣᠷᠣᠭᠰᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ | ᠪᠠᠶᠢᠭᠤᠯᠵᠤ᠂ ᠪᠦᠬᠦ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ | ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠳᠣᠤᠷ᠎ᠠ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠶᠢᠨ ᠨᠢᠩᠴᠧᠩ ᠰᠢᠶᠠᠨ ᠤ ᠬᠤᠪᠢᠶᠠᠷᠢ ᠲᠣᠪᠴᠢᠶ᠎ᠠ ᠳᠤ ᠲᠣᠬᠢᠷᠠᠭᠤᠯᠤᠨ᠎ᠠ᠃ ᠶᠡᠷᠦᠩᠬᠡᠢ | ᠵᠢᠯᠤᠭᠤᠳᠤᠭᠴᠢ ᠶᠢ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠡᠭᠦᠷᠭᠡᠯᠡᠵᠦ᠂ | ᠳᠡᠳ᠋ ᠶᠡᠷᠦᠩᠬᠡᠢ ᠵᠢᠯᠤᠭᠤᠳᠤᠭᠴᠢ ᠶᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ ᠬᠠᠮᠢᠶᠠᠷᠬᠤ | ᠳᠡᠳ᠋ ᠡᠷᠬᠢᠯᠡᠭᠴᠢ᠂ ᠤᠯᠠᠭᠠᠨᠬᠠᠳᠠ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ | ᠨᠢᠩᠴᠧᠩ ᠰᠢᠶᠠᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠡᠭᠦᠷᠭᠡᠯᠡᠵᠦ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠤᠯᠠᠭᠠᠨᠬᠠᠳᠠ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠢᠩᠴᠧᠩ | ᠰᠢᠶᠠᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠡᠭᠦᠷᠭᠡᠯᠡᠨ᠎ᠡ᠃ | | | | |