| ᠣᠶᠢᠷ᠎ᠠ ᠳᠤ᠂ ︽ᠰᠢᠪᠠᠭᠤᠨ ᠤ ᠳᠤᠮᠳᠠᠬᠢ ᠲᠣᠮᠣ ᠮᠠᠯᠤᠷ ᠥᠲᠡᠭᠡ︾ ᠬᠡᠮᠡᠭᠳᠡᠭᠰᠡᠨ ᠤᠯᠤᠰ ᠤᠨ ᠨᠢᠭᠡᠳᠦᠭᠡᠷ | ᠳᠡᠰ ᠤᠨ ᠬᠠᠮᠠᠭᠠᠯᠠᠯᠲᠠ ᠶᠢᠨ ᠰᠢᠪᠠᠭᠤᠨ ᠤ ᠲᠥᠷᠥᠯ ᠤᠨ ᠬᠠᠷ᠎ᠠ ᠥᠷᠪᠢᠯᠳᠡᠢ ᠠᠩᠬ᠎ᠠ ᠤᠳᠠᠭ᠎ᠠ ᠬᠤᠷᠬᠤᠭ | ᠭᠤᠣᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠢᠯᠡᠷᠡᠪᠡ᠃ ᠣᠶᠢᠷ᠎ᠠ ᠶᠢᠨ ᠵᠢᠯ ᠠᠴᠠ᠂ ᠨᠢᠩᠴᠧᠩ | ᠰᠢᠶᠠᠨ ᠤ ᠬᠤᠷᠬᠤᠭ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠰᠢᠨᠵᠢᠯᠡᠬᠦ ᠤᠬᠠᠭᠠᠨᠴᠢ ᠪᠠᠷ | ᠪᠠᠶᠢᠷᠢᠰᠢᠭᠤᠯᠤᠭᠰᠠᠨ᠂ ᠪᠠᠶᠢᠭᠠᠯᠢ ᠶᠢᠨ ᠡᠶ᠎ᠡ ᠵᠣᠬᠢᠴᠠᠩᠭᠤᠢ᠂ ᠬᠠᠮᠢᠶᠠᠷᠴᠤ ᠬᠠᠮᠠᠭᠠᠯᠠᠬᠤ ᠥᠨᠳᠥᠷ ᠪᠦᠲᠦᠮᠵᠢᠲᠡᠢ | ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤᠳ | ᠢᠳᠡᠰᠢ ᠡᠷᠢᠵᠦ ᠠᠮᠠᠷᠠᠪᠠ᠃ 2024 ᠣᠨ ᠳᠤ᠂ ᠬᠤᠷᠬᠤᠭ ᠭᠤᠣᠯ ᠤᠨ ᠬᠢᠯᠢ ᠳᠣᠲᠣᠷ᠎ᠠ ᠠᠴᠠ ᠢᠯᠡᠷᠡᠭᠦᠯᠦᠭᠰᠡᠨ | ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤᠨ ᠤ ᠲᠤᠭ᠎ᠠ 3000 ᠭᠠᠷᠤᠢ ᠪᠣᠯᠵᠤ᠂ ᠨᠡᠭᠦᠳᠡᠯ ᠤᠨ ᠰᠢᠪᠠᠭᠤᠨ ᠤ | ᠲᠥᠷᠥᠯ ᠵᠦᠢᠯ 2003 ᠣᠨ ᠳᠤ 17 ᠪᠠᠶᠢᠭᠰᠠᠨ ᠠᠴᠠ ᠪᠠᠨ 2024 ᠣᠨ ᠳᠤ 156 ᠪᠣᠯᠵᠤ ᠨᠡᠮᠡᠭᠳᠡᠵᠡᠢ᠃ | |