| ᠢᠳᠡᠭᠡᠨ ᠤ ᠠᠮᠤᠷ ᠲᠦᠪᠰᠢᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠠᠳᠬᠤᠵᠤ᠂ | ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ ᠴᠢᠩᠭ᠎ᠠ | ᠡᠵᠡᠮᠳᠡᠬᠦ ᠶᠢᠨ ᠲᠤᠰᠠᠳᠠ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | ᠡᠨᠡ ᠵᠢᠯ ᠠᠴᠠ ᠨᠠᠰᠢ᠂ ᠨᠢᠩᠴᠧᠩ ᠰᠢᠶᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠷᠭ᠎ᠠ ᠬᠡᠮᠵᠢᠶ᠎ᠡ ᠶᠢᠨ ᠰᠢᠨ᠎ᠡ ᠶᠢ | ᠡᠭᠦᠳᠬᠦ ᠶᠢ ᠰᠦᠪᠡᠭᠴᠢᠯᠡᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢᠨ | ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠪᠠ ᠰᠢᠰᠲ᠋ᠧᠮᠲᠦ ᠴᠢᠨᠠᠷ ᠢ ᠬᠦᠴᠦᠯᠡᠨ ᠴᠢᠩᠭᠠᠳᠬᠠᠵᠤ᠂ ᠢᠳᠡᠭᠡᠨ ᠤ | ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠪᠦᠲᠦᠮᠵᠢᠲᠡᠢ ᠥᠷᠨᠢᠭᠦᠯᠵᠡᠢ᠃ | ᠨᠢᠩᠴᠧᠩ ᠰᠢᠶᠠᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ ᠢᠳᠡᠭᠡᠨ ᠤ ᠠᠮᠤᠷ ᠲᠦᠪᠰᠢᠨ ᠳᠤ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠤᠷᠢᠳᠴᠢᠯᠠᠨ | ᠪᠣᠭᠤᠳᠠᠯᠯᠠᠭᠰᠠᠨ ᠢᠳᠡᠭᠡᠨ᠂ ᠢᠳᠡᠭᠡᠨ ᠤᠮᠳᠠᠭᠠᠨ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠵᠡᠷᠭᠡ 31 | ᠶᠡᠭᠡ ᠲᠥᠷᠥᠯ ᠤᠨ ᠢᠳᠡᠭᠡᠨ ᠤ ᠲᠥᠷᠥᠯ ᠢᠯᠭᠠᠯ ᠢ ᠬᠠᠮᠤᠷᠪᠠ᠃ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠲᠥᠷᠥᠯ ᠵᠦᠢᠯ ᠢ ᠳᠣᠪᠤᠶᠢᠯᠭᠠᠵᠤ᠂ ᠲᠦᠭᠰᠢᠭᠦᠷᠢ ᠶᠡᠬᠡᠲᠡᠢ ᠢᠳᠡᠭᠡᠨ᠂ ᠬᠢᠷᠢ ᠲᠡᠩᠴᠡᠬᠦ | ᠨᠣᠷᠮ᠎ᠠ ᠪᠠᠷ ᠳᠣᠣᠷ᠎ᠠ ᠢᠳᠡᠭᠡᠨ ᠵᠢᠴᠢ ᠬᠡᠷᠡᠭᠯᠡᠭᠡᠨ ᠤ ᠬᠡᠮᠵᠢᠶ᠎ᠡ ᠪᠠᠷ ᠶᠡᠭᠡ ᠢᠳᠡᠭᠡᠨ ᠢ ᠰᠤᠭᠤᠴᠢᠨ ᠪᠠᠶᠢᠴᠠᠭᠠᠬᠤ | ᠤᠳᠠᠭ᠎ᠠ ᠶᠢ ᠳᠡᠭᠡᠭᠰᠢᠯᠡᠭᠦᠯᠦᠨ᠎ᠡ᠃ ᠬᠠᠷᠠᠯᠲᠠ ᠲᠠᠢ ᠪᠠᠷ ᠰᠤᠭᠤᠴᠢᠨ ᠪᠠᠶᠢᠴᠠᠭᠠᠭᠰᠠᠨ ᠰᠠᠭᠤᠷᠢᠨ ᠳᠡᠭᠡᠷ᠎ᠡ᠂ | ᠰᠤᠭᠤᠴᠢᠨ ᠪᠠᠶᠢᠴᠠᠭᠠᠬᠤ ᠳᠤ ᠬᠢᠨᠠᠯᠲᠠ ᠲᠠᠯᠪᠢᠵᠤ ᠬᠤᠲᠠ ᠲᠣᠭᠤᠷᠢᠭ ᠪᠠ ᠬᠥᠳᠡᠭᠡ ᠲᠣᠰᠬᠤᠨ ᠤ ᠣᠷᠣᠨ | ᠪᠦᠰᠡ ᠶᠢ ᠬᠠᠮᠤᠷᠤᠭᠤᠯᠵᠤ᠂ ᠦᠢᠯᠡᠳᠪᠦᠷᠢᠯᠡᠯ᠂ ᠭᠦᠢᠯᠭᠡᠭᠡ ᠪᠠ ᠢᠳᠡᠭᠡᠨ ᠤᠮᠳᠠᠭᠠᠨ ᠤ ᠭᠤᠭᠴᠤᠭ᠎ᠠ ᠶᠢ | ᠪᠦᠷᠬᠦᠭᠦᠯᠦᠨ᠎ᠡ᠃ ᠣᠨ ᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠦᠨᠳᠦᠰᠦᠯᠡᠨ᠂ ᠰᠤᠭᠤᠴᠢᠨ | ᠪᠠᠶᠢᠴᠠᠭᠠᠬᠤ ᠶᠢ ᠴᠠᠭ᠂ ᠣᠷᠣᠨ ᠪᠦᠰᠡ᠂ ᠲᠥᠷᠥᠯ ᠵᠦᠢᠯ ᠤᠨ ᠲᠠᠯ᠎ᠠ ᠪᠠᠷ ᠲᠡᠩᠴᠡᠭᠦᠷᠢᠲᠡᠢ ᠥᠷᠨᠢᠭᠦᠯᠬᠦ ᠶᠢ | ᠠᠬᠢᠭᠤᠯᠵᠤ᠂ ᠠᠵᠢᠯ ᠤᠨ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠨ᠎ᠠ᠃ | ᠣᠲᠣ ᠪᠣᠯᠲᠠᠯ᠎ᠠ᠂ ᠨᠡᠶᠢᠲᠡ 79 ᠪᠦᠯᠦᠭ ᠤᠳᠠᠭ᠎ᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ | ᠥᠷᠨᠢᠭᠦᠯᠵᠦ᠂ ᠢᠯᠡᠷᠬᠡᠢ ᠠᠰᠠᠭᠤᠳᠠᠯ ᠢᠯᠡᠷᠡᠭᠰᠡᠨ ᠦᠭᠡᠢ᠃ ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ | ᠰᠢᠨ᠎ᠡ ᠱᠠᠭᠠᠷᠳᠠᠯᠭ᠎ᠠ ᠶᠢ ᠦᠷᠭᠦᠯᠵᠢᠯᠡᠨ ᠣᠨᠣᠪᠴᠢᠲᠠᠢ ᠡᠵᠡᠮᠳᠡᠵᠦ᠂ ᠡᠭᠦᠷᠭᠡ ᠶᠢ ᠴᠢᠩᠭ᠎ᠠ ᠠᠩᠬᠠᠷᠴᠤ᠂ ᠠᠶᠤᠯ | ᠲᠦᠭᠰᠢᠭᠦᠷᠢ ᠶᠢ ᠴᠢᠩᠭ᠎ᠠ ᠠᠩᠬᠠᠷᠴᠤ᠂ ᠰᠤᠭᠤᠴᠢᠨ ᠪᠠᠶᠢᠴᠠᠭᠠᠬᠤ︽ᠲᠤᠷᠰᠢᠭᠤᠯ ᠤᠨ ᠴᠡᠷᠢᠭ︾ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ︽ᠡᠷᠲᠡ ᠢᠯᠡᠷᠡᠭᠦᠯᠬᠦ᠂ ᠡᠷᠲᠡ | ᠰᠡᠷᠡᠮᠵᠢᠯᠡᠭᠦᠯᠬᠦ᠂ ᠡᠷᠲᠡ ᠰᠢᠢᠳᠪᠦᠷᠢᠯᠡᠬᠦ︾ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠢᠳᠡᠭᠡᠨ ᠤ ᠠᠮᠤᠷ | ᠲᠦᠪᠰᠢᠨ ᠤ ᠬᠤᠷᠢᠭ᠎ᠠ ᠱᠤᠭᠤᠮ ᠢ ᠰᠠᠬᠢᠨ᠎ᠠ᠃ |