ᠨᠢᠩᠴᠧᠩ ᠰᠢᠶᠠᠨ ᠢᠳᠡᠭᠡᠨ ᠤ ᠳᠠᠪᠤᠰᠤᠨ ᠤ ᠲᠤᠰᠬᠠᠢ ᠵᠦᠢᠯ ᠤᠨ ᠭᠡᠨᠡᠳᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/22
 ᠢᠳᠡᠭᠡᠨ ᠤ ᠳᠠᠪᠤᠰᠤᠨ ᠤ ᠵᠠᠬ᠎ᠠ ᠳᠡᠯᠭᠡᠭᠦᠷ ᠤᠨ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠳᠠᠪᠤᠰᠤᠨ ᠤ ᠦᠢᠯᠡᠰ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠷᠠᠳ ᠣᠯᠠᠨ ᠤ ᠳᠠᠪᠤᠰᠤ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠢᠣᠳ᠋ ᠨᠡᠮᠡᠭᠰᠡᠨ ᠢᠳᠡᠭᠡᠨ ᠤ ᠳᠠᠪᠤᠰᠤᠨ ᠤ ᠲᠤᠰᠬᠠᠢ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠡᠨᠡ ᠤᠳᠠᠭᠠᠨ ᠤ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ ᠡᠯ᠎ᠡ ᠲᠣᠮᠣ ᠬᠤᠳᠠᠯᠳᠤᠭᠠᠨ ᠤ ᠬᠡᠳᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠳᠥᠭᠦᠮ ᠳᠡᠯᠭᠡᠭᠦᠷ᠂ ᠢᠳᠡᠭᠡᠨ ᠤ ᠡᠯᠳᠡᠪ ᠵᠦᠢᠯ ᠤᠨ ᠳᠡᠯᠭᠡᠭᠦᠷ ᠢᠶᠠᠷ ᠭᠤᠣᠯᠳᠠᠯᠭ᠎ᠠ ᠪᠣᠯᠭᠠᠵᠤ᠂ ᠢᠳᠡᠭᠡᠨ ᠤ ᠳᠠᠪᠤᠰᠤᠨ ᠤ ᠪᠣᠷᠣᠯᠠᠭᠤᠯᠤᠯᠲᠠ ᠳᠤ᠂ ᠬᠡᠷᠡᠭᠯᠡᠬᠦ ᠨᠢᠭᠡᠴᠡ ᠶᠢᠨ ᠡᠵᠡᠩᠨᠡᠯᠲᠡ ᠶᠢᠨ ᠬᠢᠷᠢ ᠬᠡᠮ ᠨᠢ ᠬᠠᠤᠯᠢ ᠳᠤ ᠨᠡᠶᠢᠴᠡᠬᠦ ᠡᠰᠡᠬᠦ᠂ ᠪᠠᠷᠠᠭ᠎ᠠ ᠣᠷᠣᠭᠤᠯᠵᠤ ᠪᠣᠷᠣᠯᠠᠭᠤᠯᠬᠤ ᠡᠬᠡ ᠳᠠᠩᠰᠠ ᠪᠠᠶᠢᠭᠤᠯᠤᠭᠰᠠᠨ ᠡᠰᠡᠬᠦ᠂ ᠭᠡᠷᠡᠴᠢ ᠪᠠᠷᠢᠮᠲᠠ ᠠᠪᠬᠤ ᠳᠦᠷᠢᠮ ᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ ᠂ ᠡᠵᠡᠩᠨᠡᠵᠦ ᠪᠣᠷᠣᠯᠠᠭᠤᠯᠵᠤ ᠪᠠᠶᠢᠭ᠎ᠠ ᠢᠳᠡᠭᠡᠨ ᠤ ᠳᠠᠪᠤᠰᠤᠨ ᠤ ᠢᠣᠳ᠋ ᠤᠨ ᠠᠭᠤᠯᠤᠭᠳᠠᠴᠠ ᠨᠢ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠢᠣᠳ᠋ᠲᠤ ᠳᠠᠪᠤᠰᠤᠨ ᠤ ᠪᠠᠷᠠᠭ᠎ᠠ ᠣᠷᠣᠭᠤᠯᠬᠤ ᠵᠠᠮ ᠮᠥᠷ ᠨᠢ ᠵᠢᠩᠬᠢᠨᠢ ᠪᠠᠶᠢᠬᠤ ᠡᠰᠡᠬᠦ᠂ ᠢᠣᠳ᠋ᠲᠤ ᠳᠠᠪᠤᠰᠤᠨ ᠤ ᠪᠣᠭᠤᠳᠠᠯ ᠪᠠᠭᠯᠠᠭ᠎ᠠ ᠪᠠ ᠲᠡᠮᠳᠡᠭ ᠤᠨ ᠥᠰᠥᠭ ᠤᠨ ᠲᠢᠭ ᠨᠢ ᠪᠦᠷᠢᠨ ᠲᠣᠳᠣᠷᠬᠠᠢ ᠪᠠᠶᠢᠬᠤ ᠡᠰᠡᠬᠦ᠂ ᠢᠣᠳ᠋ ᠲᠠᠢ ᠭᠡᠬᠦ ᠲᠤᠳᠤᠷᠬᠠᠶᠢᠯᠠᠯᠲᠠ ᠪᠠᠶᠢᠬᠤ ᠡᠰᠡᠬᠦ᠂ ᠪᠣᠭᠤᠳᠠᠯ ᠤᠨ ᠤᠭᠤᠲᠠ ᠶᠢᠨ ᠪᠢᠲᠡᠭᠦᠮᠵᠢ ᠳᠡᠭᠡᠷ᠎ᠡ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠶᠢ ᠲᠣᠳᠣᠷᠬᠠᠢ ᠳᠠᠷᠤᠮᠠᠯᠯᠠᠭᠰᠠᠨ ᠡᠰᠡᠬᠦ᠂ ᠰᠤᠯᠠ ᠰᠠᠪᠠᠯᠠᠭᠰᠠᠨ ᠳᠠᠪᠤᠰᠤ᠂ ᠠᠵᠤ ᠦᠢᠯᠡᠳᠪᠦᠷᠢ ᠶᠢᠨ ᠳᠠᠪᠤᠰᠤ᠂ ᠲᠡᠵᠢᠭᠡᠯ ᠪᠣᠷᠳᠤᠭ᠎ᠠ ᠳᠤ ᠾᠯᠣᠷᠲᠤ ᠨᠠᠲᠷᠢ ᠶᠢ ᠨᠡᠮᠡᠭᠰᠡᠨ ᠵᠡᠷᠭᠡ ᠪᠠᠶᠢᠳᠠᠯ ᠢ ᠬᠠᠤᠯᠢ ᠪᠤᠰᠤ ᠪᠠᠷ ᠪᠣᠷᠣᠯᠠᠭᠤᠯᠵᠤ ᠬᠡᠷᠡᠭᠯᠡᠭᠰᠡᠨ ᠡᠰᠡᠬᠦ ᠵᠡᠷᠭᠡ ᠪᠠᠶᠢᠳᠠᠯ ᠢ ᠪᠥᠬᠦ ᠲᠠᠯ᠎ᠠ ᠪᠠᠷ  ᠪᠠᠶᠢᠴᠠᠭᠠᠪᠠ ᠃ ᠣᠲᠣ ᠪᠣᠯᠲᠠᠯ᠎ᠠ᠂ ᠨᠡᠶᠢᠲᠡ 36 ᠡᠷᠦᠬᠡ ᠢᠣᠳ᠋ ᠨᠡᠮᠡᠭᠰᠡᠨ ᠢᠳᠡᠭᠡᠨ ᠤ ᠳᠠᠪᠤᠰᠤᠨ ᠤ ᠡᠵᠡᠩᠨᠡᠯᠲᠡ ᠶᠢᠨ ᠨᠢᠭᠡᠴᠡ ᠶᠢ ᠪᠠᠶᠢᠴᠠᠭᠠᠵᠤ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠦᠷ ᠣᠯᠵᠤ ᠮᠡᠳᠡᠭᠰᠡᠨ ᠦᠭᠡᠢ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠤ ᠬᠢᠨ ᠢᠣᠳ᠋ᠲᠤ ᠢᠳᠡᠭᠡᠨ ᠤ ᠳᠠᠪᠤᠰᠤᠨ ᠤ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠢᠣᠳ᠋ᠲᠤ ᠳᠠᠪᠤᠰᠤᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ︽ᠠᠶᠤᠯᠭᠦᠢ ᠳᠠᠪᠤᠰᠤ᠂ ᠰᠠᠨᠠᠭ᠎ᠠ ᠠᠮᠤᠷ ᠳᠠᠪᠤᠰᠤ︾ ᠢᠳᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号