| ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠤᠯᠠᠮ ᠨᠢᠭᠡ | ᠠᠯᠬᠤᠮ ᠴᠡᠪᠡᠷᠰᠢᠭᠦᠯᠵᠦ᠂ ᠬᠡᠦᠬᠡᠳ ᠤᠨ ᠨᠠᠭᠠᠳᠤᠮ ᠤᠨ ᠵᠦᠢᠯ ᠪᠠ ᠰᠤᠷᠤᠭᠴᠢᠳ ᠤᠨ ᠬᠡᠷᠡᠭᠯᠡᠭᠡᠨ ᠤ ᠵᠦᠢᠯ ᠤᠨ | ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠷᠭᠡᠨ ᠣᠯᠠᠨ ᠬᠡᠦᠬᠡᠳ ᠤᠨ ᠪᠡᠶ᠎ᠡ ᠰᠡᠳᠬᠢᠯ ᠤᠨ | ᠡᠷᠡᠭᠦᠯ ᠮᠠᠨᠳᠦ ᠶᠢ ᠬᠠᠮᠠᠭᠠᠯᠠᠬᠤ ᠶᠢᠨ ᠲᠥᠯᠥᠭᠡ᠂ ᠨᠢᠩᠴᠧᠩ ᠰᠢᠶᠠᠨ ᠰᠤᠷᠭᠠᠭᠤᠯᠢ ᠶᠢᠨ ᠬᠦᠷᠢᠶᠡᠨ ᠤ ᠡᠷᠬᠢᠨ | ᠲᠣᠭᠤᠷᠢᠨ ᠤ ᠨᠠᠭᠠᠳᠤᠮ ᠤᠨ ᠵᠦᠢᠯ᠂ ᠪᠢᠴᠢᠭ ᠤᠨ ᠬᠡᠷᠡᠭᠰᠡᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠰᠤᠷᠤᠭᠴᠢᠳ ᠤᠨ ᠪᠢᠴᠢᠭ ᠤᠨ ᠬᠡᠷᠡᠭᠰᠡᠯ ᠤᠨ ᠱᠣᠰᠢᠭ᠎ᠠ ᠲᠡᠮᠳᠡᠭ ᠨᠢ | ᠵᠢᠷᠤᠮᠵᠢᠯ ᠲᠠᠢ ᠪᠠᠶᠢᠬᠤ ᠡᠰᠡᠬᠦ᠂ ᠰᠡᠷᠡᠮᠵᠢ ᠶᠢᠨ ᠲᠡᠮᠳᠡᠭ ᠨᠢ ᠪᠦᠷᠢᠨ ᠭᠦᠢᠴᠡᠳ ᠪᠠᠶᠢᠬᠤ ᠡᠰᠡᠬᠦ᠂ | ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ ᠵᠢᠴᠢ ᠬᠡᠷᠡᠭᠵᠢᠭᠦᠯᠬᠦ ᠪᠠᠷᠢᠮᠵᠢᠶ᠎ᠠ ᠶᠢ ᠲᠣᠳᠣᠷᠬᠠᠶᠢᠯᠠᠭᠰᠠᠨ | ᠡᠰᠡᠬᠦ᠂ ᠪᠣᠷᠤᠯᠠᠭᠤᠯᠭ᠎ᠠ ᠮᠠᠭᠤ ᠪᠣᠯᠬᠢ ᠪᠦᠳᠦᠭᠦᠯᠢᠭ ᠪᠠᠶᠢᠬᠤ ᠡᠰᠡᠬᠦ ᠂ ᠮᠠᠭᠤ ᠠᠵᠢᠯᠯᠠᠭ᠎ᠠ ᠶᠢᠨ ᠥᠳᠥᠭᠡᠯᠭᠡ ᠲᠠᠢ | ᠲᠣᠭᠯᠠᠭᠠᠮ ᠤᠨ ᠵᠦᠢᠯ ᠤᠨ ᠦᠢᠯᠡᠳᠬᠦᠨ ᠢ CCC ᠪᠠᠷ ᠠᠯᠪᠠᠳᠠᠯᠭ᠎ᠠ ᠪᠠᠷ ᠭᠡᠷᠡᠴᠢᠯᠡᠭᠦᠯᠦᠭᠰᠡᠨ ᠡᠰᠡᠬᠦ᠂ | ᠭᠡᠷᠡᠴᠢᠯᠡᠯ ᠤᠨ ᠮᠡᠳᠡᠭᠡ ᠵᠠᠩᠭᠢ ᠨᠢ ᠪᠣᠳᠠᠲᠠᠢ ᠲᠠᠢ ᠨᠡᠶᠢᠴᠡᠬᠦ ᠡᠰᠡᠬᠦ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ᠂ | ︽ᠭᠤᠷᠪᠠ ᠦᠭᠡᠢ︾ ᠪᠠ ᠠᠶᠤᠯ ᠲᠠᠢ ᠬᠡᠦᠬᠡᠳ ᠤᠨ ᠲᠣᠭᠯᠠᠭᠠᠮ ᠤᠨ ᠵᠦᠢᠯ ᠢ ᠬᠤᠳᠠᠯᠳᠤᠨ ᠠᠪᠴᠤ | ᠪᠣᠷᠣᠯᠠᠭᠤᠯᠤᠭᠰᠠᠨ ᠡᠰᠡᠬᠦ᠋ᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠭᠴᠢᠳ ᠤᠨ ᠶᠠᠰᠤ | ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ | ᠰᠢᠮᠳᠠᠭᠤᠯᠵᠤ᠂ ᠪᠠᠷᠠᠭ᠎ᠠ ᠣᠷᠣᠭᠤᠯᠬᠤ ᠪᠣᠭᠤᠮᠲᠠ ᠶᠢ ᠰᠠᠶᠢᠲᠤᠷ ᠰᠠᠬᠢᠵᠤ᠂ ᠬᠢᠷᠢ ᠲᠡᠩᠴᠡᠬᠦ ᠦᠭᠡᠢ ᠬᠡᠦᠬᠡᠳ ᠤᠨ | ᠲᠣᠭᠯᠠᠭᠠᠮ ᠪᠠ ᠰᠣᠷᠣᠭᠴᠢ ᠶᠢᠨ ᠬᠡᠷᠡᠭᠯᠡᠭᠡᠨ ᠤ ᠵᠦᠢᠯ ᠢ ᠪᠣᠷᠣᠯᠠᠭᠤᠯᠬᠤ ᠶᠢ ᠲᠠᠰᠤ ᠵᠤᠬᠰᠤᠭᠠᠪᠠ᠃ | ᠣᠲᠣ ᠪᠣᠯᠲᠠᠯ᠎ᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠪᠢᠴᠢᠭ ᠤᠨ ᠬᠡᠷᠡᠭᠰᠡᠯ ᠤᠨ ᠲᠣᠭᠯᠠᠭᠠᠮ | ᠵᠡᠷᠭᠡ ᠡᠵᠡᠩᠨᠡᠯᠲᠡ ᠶᠢᠨ ᠨᠢᠭᠡᠴᠡ ᠶᠢ ᠨᠡᠶᠢᠲᠡ 38 ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠲᠦᠷ ᠣᠯᠵᠤ ᠮᠡᠳᠡᠭᠰᠡᠨ ᠦᠭᠡᠢ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠪᠢᠴᠢᠭ ᠤᠨ | ᠬᠡᠷᠡᠭᠰᠡᠯ ᠪᠠ ᠲᠣᠭᠯᠠᠭᠠᠮ ᠤᠨ ᠵᠦᠢᠯ ᠤᠨ ᠦᠢᠯᠡᠳᠬᠦᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠤᠯᠪᠣᠭᠳᠠᠯ ᠪᠦᠬᠦᠢ | ᠠᠵᠢᠯᠯᠠᠭ᠎ᠠ ᠶᠢ ᠴᠢᠩᠭ᠎ᠠ ᠰᠢᠢᠳᠪᠦᠷᠢᠯᠡᠨ᠂ ᠨᠠᠰᠤᠨ ᠳᠤ ᠥᠯᠥ ᠭᠦᠷᠦᠭᠰᠡᠳ ᠤᠨ ᠠᠮᠢ ᠨᠠᠰᠤ ᠡᠷᠡᠭᠦᠯ ᠮᠡᠨᠳᠦ ᠶᠢᠨ | ᠠᠮᠤᠷ ᠲᠦᠪᠰᠢᠨ ᠳᠤ ᠦᠨᠡᠨ ᠬᠦ ᠬᠦᠴᠦᠲᠡᠢ ᠪᠠᠲᠤᠯᠠᠭ᠎ᠠ ᠬᠠᠩᠭᠠᠨ᠎ᠠ᠃ | |