ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠪᠢᠴᠢᠭ ᠤᠨ ᠬᠡᠷᠡᠭᠰᠡᠯ᠂ ᠲᠣᠭᠯᠠᠭᠠᠮ ᠤᠨ ᠬᠡᠷᠡᠭᠰᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/25
ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠬᠡᠦᠬᠡᠳ ᠤᠨ ᠨᠠᠭᠠᠳᠤᠮ ᠤᠨ ᠵᠦᠢᠯ ᠪᠠ ᠰᠤᠷᠤᠭᠴᠢᠳ ᠤᠨ ᠬᠡᠷᠡᠭᠯᠡᠭᠡᠨ ᠤ ᠵᠦᠢᠯ ᠤᠨ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠷᠭᠡᠨ ᠣᠯᠠᠨ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠠᠨᠳᠦ ᠶᠢ ᠬᠠᠮᠠᠭᠠᠯᠠᠬᠤ ᠶᠢᠨ ᠲᠥᠯᠥᠭᠡ᠂ ᠨᠢᠩᠴᠧᠩ ᠰᠢᠶᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠭᠠᠳᠤᠮ ᠤᠨ ᠵᠦᠢᠯ᠂ ᠪᠢᠴᠢᠭ ᠤᠨ ᠬᠡᠷᠡᠭᠰᠡᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠰᠤᠷᠤᠭᠴᠢᠳ ᠤᠨ ᠪᠢᠴᠢᠭ ᠤᠨ ᠬᠡᠷᠡᠭᠰᠡᠯ ᠤᠨ ᠱᠣᠰᠢᠭ᠎ᠠ ᠲᠡᠮᠳᠡᠭ ᠨᠢ ᠵᠢᠷᠤᠮᠵᠢᠯ ᠲᠠᠢ ᠪᠠᠶᠢᠬᠤ ᠡᠰᠡᠬᠦ᠂ ᠰᠡᠷᠡᠮᠵᠢ ᠶᠢᠨ ᠲᠡᠮᠳᠡᠭ ᠨᠢ ᠪᠦᠷᠢᠨ ᠭᠦᠢᠴᠡᠳ ᠪᠠᠶᠢᠬᠤ ᠡᠰᠡᠬᠦ᠂ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ ᠵᠢᠴᠢ ᠬᠡᠷᠡᠭᠵᠢᠭᠦᠯᠬᠦ ᠪᠠᠷᠢᠮᠵᠢᠶ᠎ᠠ ᠶᠢ ᠲᠣᠳᠣᠷᠬᠠᠶᠢᠯᠠᠭᠰᠠᠨ ᠡᠰᠡᠬᠦ᠂ ᠪᠣᠷᠤᠯᠠᠭᠤᠯᠭ᠎ᠠ ᠮᠠᠭᠤ ᠪᠣᠯᠬᠢ ᠪᠦᠳᠦᠭᠦᠯᠢᠭ ᠪᠠᠶᠢᠬᠤ ᠡᠰᠡᠬᠦ ᠂ ᠮᠠᠭᠤ ᠠᠵᠢᠯᠯᠠᠭ᠎ᠠ ᠶᠢᠨ ᠥᠳᠥᠭᠡᠯᠭᠡ ᠲᠠᠢ ᠲᠣᠭᠯᠠᠭᠠᠮ ᠤᠨ ᠵᠦᠢᠯ ᠤᠨ ᠦᠢᠯᠡᠳᠬᠦᠨ ᠢ CCC ᠪᠠᠷ ᠠᠯᠪᠠᠳᠠᠯᠭ᠎ᠠ ᠪᠠᠷ ᠭᠡᠷᠡᠴᠢᠯᠡᠭᠦᠯᠦᠭᠰᠡᠨ ᠡᠰᠡᠬᠦ᠂ ᠭᠡᠷᠡᠴᠢᠯᠡᠯ ᠤᠨ ᠮᠡᠳᠡᠭᠡ ᠵᠠᠩᠭᠢ ᠨᠢ ᠪᠣᠳᠠᠲᠠᠢ ᠲᠠᠢ ᠨᠡᠶᠢᠴᠡᠬᠦ ᠡᠰᠡᠬᠦ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ᠂ ︽ᠭᠤᠷᠪᠠ ᠦᠭᠡᠢ︾ ᠪᠠ ᠠᠶᠤᠯ ᠲᠠᠢ ᠬᠡᠦᠬᠡᠳ ᠤᠨ ᠲᠣᠭᠯᠠᠭᠠᠮ ᠤᠨ ᠵᠦᠢᠯ ᠢ ᠬᠤᠳᠠᠯᠳᠤᠨ ᠠᠪᠴᠤ ᠪᠣᠷᠣᠯᠠᠭᠤᠯᠤᠭᠰᠠᠨ ᠡᠰᠡᠬᠦ᠋ᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠭᠴᠢᠳ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠪᠠᠷᠠᠭ᠎ᠠ ᠣᠷᠣᠭᠤᠯᠬᠤ ᠪᠣᠭᠤᠮᠲᠠ ᠶᠢ ᠰᠠᠶᠢᠲᠤᠷ ᠰᠠᠬᠢᠵᠤ᠂ ᠬᠢᠷᠢ ᠲᠡᠩᠴᠡᠬᠦ ᠦᠭᠡᠢ ᠬᠡᠦᠬᠡᠳ ᠤᠨ ᠲᠣᠭᠯᠠᠭᠠᠮ ᠪᠠ ᠰᠣᠷᠣᠭᠴᠢ ᠶᠢᠨ ᠬᠡᠷᠡᠭᠯᠡᠭᠡᠨ ᠤ ᠵᠦᠢᠯ ᠢ ᠪᠣᠷᠣᠯᠠᠭᠤᠯᠬᠤ ᠶᠢ ᠲᠠᠰᠤ ᠵᠤᠬᠰᠤᠭᠠᠪᠠ᠃  ᠣᠲᠣ ᠪᠣᠯᠲᠠᠯ᠎ᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠪᠢᠴᠢᠭ ᠤᠨ ᠬᠡᠷᠡᠭᠰᠡᠯ ᠤᠨ ᠲᠣᠭᠯᠠᠭᠠᠮ ᠵᠡᠷᠭᠡ ᠡᠵᠡᠩᠨᠡᠯᠲᠡ ᠶᠢᠨ ᠨᠢᠭᠡᠴᠡ ᠶᠢ ᠨᠡᠶᠢᠲᠡ 38 ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠦᠷ ᠣᠯᠵᠤ ᠮᠡᠳᠡᠭᠰᠡᠨ ᠦᠭᠡᠢ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠪᠢᠴᠢᠭ ᠤᠨ ᠬᠡᠷᠡᠭᠰᠡᠯ ᠪᠠ ᠲᠣᠭᠯᠠᠭᠠᠮ ᠤᠨ ᠵᠦᠢᠯ ᠤᠨ ᠦᠢᠯᠡᠳᠬᠦᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠤᠯᠪᠣᠭᠳᠠᠯ ᠪᠦᠬᠦᠢ ᠠᠵᠢᠯᠯᠠᠭ᠎ᠠ ᠶᠢ ᠴᠢᠩᠭ᠎ᠠ ᠰᠢᠢᠳᠪᠦᠷᠢᠯᠡᠨ᠂ ᠨᠠᠰᠤᠨ ᠳᠤ ᠥᠯᠥ ᠭᠦᠷᠦᠭᠰᠡᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠳᠤ ᠦᠨᠡᠨ ᠬᠦ ᠬᠦᠴᠦᠲᠡᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号