| ᠤᠶᠢᠷ᠎ᠠ ᠶᠢᠨ ᠡᠳᠦᠷ᠂ ᠨᠢᠩᠴᠧᠩ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠭᠡᠨ ᠤᠮᠳᠠᠭᠠᠨ ᠤ | ᠲᠣᠰᠣᠨ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠶᠢ ᠲᠤᠰᠬᠠᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ | ᠬᠤᠶᠠᠷ ᠪᠠᠶᠢᠴᠠᠭᠠᠬᠤ ᠳᠤᠭᠤᠶᠢᠯᠠᠩ ᠬᠤᠪᠢᠶᠠᠨ ᠬᠤᠲᠠ ᠶᠢᠨ ᠲᠣᠭᠤᠷᠢᠭ ᠤᠨ ᠢᠳᠡᠭᠡᠨ ᠤᠮᠳᠠᠭᠠᠨ ᠤ ᠳᠡᠯᠭᠡᠭᠦᠷ ᠲᠤ | ᠲᠣᠣᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠠᠵᠢᠯᠲᠠᠨ ᠳᠡᠯᠭᠡᠭᠦᠷ ᠲᠤ | ᠣᠷᠣᠵᠤ ᠢᠳᠡᠭᠡᠨ ᠤᠮᠳᠠᠭᠠᠨ ᠤ ᠡᠵᠡᠩᠨᠡᠯᠲᠡ ᠶᠢᠨ ᠥᠮᠴᠢᠲᠡᠨ ᠳᠤ ᠲᠣᠰᠣᠨ ᠣᠲᠤᠭ᠎ᠠ ᠵᠠᠰᠠᠬᠤ᠂ ᠠᠷᠢᠭᠤᠨ | ᠴᠡᠪᠡᠷ ᠢ ᠬᠠᠮᠠᠭᠠᠯᠠᠬᠤ ᠶᠢᠨ ᠴᠢᠬᠤᠯᠠ ᠴᠢᠨᠠᠷ ᠪᠠ ᠢᠳᠡᠭᠡᠨ ᠤᠮᠳᠠᠭᠠᠨ ᠤ ᠲᠣᠰᠣᠨ ᠣᠲᠤᠭ᠎ᠠ ᠪᠣᠬᠢᠷᠲᠤᠯ ᠢ | ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠱᠠᠭᠠᠷᠳᠠᠯᠭ᠎ᠠ ᠶᠢ | ᠬᠦᠯᠢᠴᠡᠩᠭᠦᠢ ᠪᠠᠷ ᠤᠬᠠᠭᠤᠯᠪᠠ᠃ ︽ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢ | ᠰᠢᠮᠳᠠᠭᠤᠯᠤᠨ ᠪᠠᠶᠢᠴᠠᠭᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠬᠤ︾ ᠠᠵᠢᠯ ᠤᠨ ᠲᠣᠭᠲᠠᠴᠠ | ᠶᠣᠰᠣᠭᠠᠷ᠂ ᠬᠤᠲᠠ ᠶᠢᠨ ᠲᠣᠭᠤᠷᠢᠭ ᠤᠨ ᠢᠳᠡᠭᠡᠨ ᠤᠮᠳᠠᠭᠠᠨ ᠤ ᠠᠵᠢᠯ ᠲᠥᠷᠥᠯ ᠤᠨ ᠲᠣᠰᠣ ᠣᠲᠤᠭ᠎ᠠ | ᠴᠡᠪᠡᠷᠰᠢᠭᠦᠯᠬᠦ ᠲᠥᠬᠦᠭᠡᠷᠦᠮᠵᠢ ᠶᠢ ᠤᠭᠰᠠᠷᠠᠬᠤ᠂ ᠵᠢᠷᠤᠮᠵᠢᠭᠤᠯᠤᠨ ᠬᠡᠷᠡᠭᠯᠡᠬᠦ ᠵᠢᠴᠢ ᠲᠣᠭᠲᠠᠮᠠᠯ | ᠬᠤᠭᠤᠴᠠᠭ᠎ᠠ ᠲᠠᠢ ᠪᠠᠷ ᠤᠬᠢᠶᠠᠨ ᠴᠡᠪᠡᠷᠯᠡᠵᠦ ᠬᠠᠮᠠᠭᠠᠯᠠᠵᠤ ᠪᠠᠶᠢᠭ᠎ᠠ ᠪᠠᠶᠢᠳᠠᠯ ᠵᠡᠷᠭᠡ ᠳᠤ ᠭᠤᠣᠯᠳᠠᠯᠭ᠎ᠠ ᠲᠠᠢ | ᠪᠠᠶᠢᠴᠠᠭᠠᠪᠠ᠃ ᠣᠲᠣ ᠪᠣᠯᠲᠠᠯ᠎ᠠ᠂ ᠲᠣᠰᠣᠨ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠰᠠᠨ ᠦᠭᠡᠢ ᠪᠤᠶᠤ | ᠬᠡᠷᠡᠭᠯᠡᠭᠰᠡᠨ ᠦᠭᠡᠢ ᠪᠠᠶᠢᠳᠠᠯ ᠢ ᠲᠦᠷ ᠣᠯᠵᠤ ᠮᠡᠳᠡᠭᠡᠳᠦᠢ ᠪᠠᠶᠢᠵᠤ᠂ ᠪᠠᠷᠢᠮᠵᠢᠶ᠎ᠠ ᠳᠤ ᠨᠡᠶᠢᠴᠡᠬᠦ ᠦᠭᠡᠢ 2 | ᠬᠤᠳᠠᠯᠳᠤᠭᠠᠴᠢᠨ ᠡᠷᠦᠬᠡ ᠳᠤ ᠨᠢᠭᠡᠨᠲᠡ ᠲᠤᠬᠠᠢ ᠶᠢᠨ ᠲᠠᠯᠠᠪᠤᠷ ᠲᠤᠨᠢ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ | ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠪᠡ᠃ ᠳᠠᠷᠠᠭᠠᠴᠢ ᠶᠢᠨ ᠠᠯᠬᠤᠮ ᠳᠤ | ᠂ ᠨᠢᠩᠴᠧᠩ ᠰᠢᠶᠠᠨ ᠬᠤᠳᠠ ᠶᠢᠨ ᠲᠣᠭᠤᠷᠢᠭ ᠤᠨ ᠢᠳᠡᠭᠡᠨ ᠤᠮᠳᠠᠭᠠᠨ ᠤ ᠠᠵᠢᠯ ᠲᠦᠷᠦᠯ ᠤᠨ ᠲᠤᠰᠤᠨ ᠤᠳᠤᠭ᠎ᠠ | ᠴᠡᠪᠡᠷᠰᠢᠭᠦᠯᠬᠦ ᠲᠥᠬᠦᠭᠡᠷᠦᠮᠵᠢ ᠶᠢ ᠤᠭᠰᠠᠷᠠᠵᠤ ᠬᠡᠷᠡᠭᠯᠡᠭᠰᠡᠨ ᠪᠠᠶᠢᠳᠠᠯ ᠤᠨ ᠬᠢᠨᠠᠯᠲᠠ ᠪᠠᠶᠢᠴᠠᠭᠠᠯᠲᠠ ᠶᠢ ᠭᠦᠨᠵᠡᠭᠡᠢ | ᠥᠷᠨᠢᠭᠦᠯᠵᠦ᠂ ᠢᠳᠡᠭᠡᠨ ᠤᠮᠳᠠᠭᠠᠨ ᠤ ᠠᠵᠢᠯ ᠲᠦᠷᠦᠯ ᠤᠨ ᠵᠢᠷᠤᠮᠵᠢᠭᠰᠠᠨ ᠡᠵᠡᠩᠨᠡᠯᠲᠡ ᠶᠢᠨ ᠤᠬᠠᠮᠰᠠᠷ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠬᠤᠳᠠ ᠶᠢᠨ ᠠᠷᠠᠳ ᠲᠤ ᠣᠷᠣᠰᠢᠨ ᠰᠠᠭᠤᠬᠤ ᠳᠤ | ᠲᠣᠬᠢᠷᠠᠮᠵᠢᠲᠠᠢ ᠬᠤᠳᠠ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠭᠦᠨ᠎ᠡ᠃ | | | | | | | | | | | ᠁ |