| ᠣᠨᠴᠠᠭᠠᠶ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠤᠯᠠᠮ ᠨᠢᠭᠡ ᠠᠯᠬᠤᠮ ᠬᠠᠮᠠᠭᠠᠯᠠᠵᠤ᠂ | ᠭᠤᠣᠯᠳᠠᠯᠭ᠎ᠠ ᠲᠠᠢ ᠣᠷᠣᠨ ᠪᠦᠰᠡ ᠪᠠ ᠭᠤᠣᠯᠳᠠᠯᠭ᠎ᠠ ᠲᠠᠢ ᠲᠥᠷᠥᠯ ᠵᠦᠢᠯ ᠢ ᠲᠣᠪᠤᠶᠢᠯᠭᠠᠨ᠂ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠰᠢᠪᠠᠳᠠᠬᠤ ᠶᠢᠨ ᠲᠥᠯᠥᠭᠡ᠂ ᠣᠶᠢᠷ᠎ᠠ ᠳᠤ᠂ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠᠭᠠᠶ ᠢᠳᠡᠭᠡᠨ ᠤ ᠲᠤᠰᠬᠠᠢ | ᠵᠦᠢᠯ ᠤᠨ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠣᠨᠴᠠᠭᠠᠶ ᠢᠳᠡᠭᠡᠨ ᠤ ᠭᠦᠢᠯᠭᠡᠭᠡᠨ ᠤ | ᠵᠠᠩᠭᠢᠯᠠᠭ᠎ᠠ ᠶᠢᠨ ︽ᠬᠤᠶᠠᠷ ᠬᠠᠷᠢᠭᠤᠴᠠᠯᠭ᠎ᠠ︾ ᠶᠢᠨ ᠨᠠᠶᠢᠳᠠᠪᠤᠷᠢᠵᠢᠭᠤᠯᠤᠯᠲᠠ᠂ ︽ᠬᠤᠶᠠᠷ ᠲᠤᠰᠬᠠᠢ ᠨᠢᠭᠡ | ᠬᠠᠭᠤᠳᠠᠰᠦ᠂ ᠬᠤᠳᠠᠯ ᠬᠠᠭᠤᠷᠮᠠᠭ ᠤᠬᠠᠭᠤᠯᠭ᠎ᠠ︾ ᠶᠢ ᠪᠠᠶᠢᠴᠠᠭᠠᠬᠤ ᠪᠠᠷ ᠭᠤᠣᠯᠳᠠᠯᠭ᠎ᠠ ᠪᠣᠯᠭᠠᠪᠠ᠂ ᠨᠢᠭᠡ ᠳᠤ | ᠣᠨᠴᠠᠭᠠᠶ ᠢᠳᠡᠭᠡᠨ ᠤ ᠡᠵᠡᠩᠨᠡᠭᠴᠢ ᠡᠵᠡᠩᠨᠡᠯᠲᠡ ᠶᠢᠨ ᠲᠠᠯᠠᠪᠤᠷ ᠲᠠᠭᠠᠨ ᠣᠨᠴᠠᠭᠠᠶ ᠢᠳᠡᠭᠡᠨ ᠤ ᠪᠣᠷᠤᠯᠠᠭᠤᠯᠭ᠎ᠠ ᠶᠢᠨ | ᠲᠤᠰᠬᠠᠢ ᠣᠷᠣᠨ᠂ ᠲᠤᠰᠬᠠᠢ ᠯᠠᠩᠭᠦᠢ ᠭᠠᠷᠭᠠᠭᠰᠠᠨ ᠡᠰᠡᠬᠦ ᠶᠢ ᠪᠠᠶᠢᠴᠠᠭᠠᠨ ᠦᠵᠡᠬᠦ ᠶᠢᠨ ᠬᠠᠮᠲᠤ ᠣᠨᠴᠠᠭᠠᠶ | ᠢᠳᠡᠭᠡᠨ ᠤ ︽ᠲᠤᠰᠬᠠᠢ ᠣᠷᠣᠨ ᠤ ᠲᠡᠮᠳᠡᠭ︾ ᠢ ᠲᠣᠳᠣᠷᠬᠠᠶᠢᠯᠠᠨ᠎ᠠ ᠂ ᠬᠤᠶᠠᠷ ᠲᠤ ᠡᠵᠡᠩᠨᠡᠭᠴᠢ ᠶᠢᠨ ᠢᠳᠡᠭᠡᠨ ᠤ | ᠠᠶᠤᠯᠭᠦᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠭᠡᠷᠡᠴᠢ ᠪᠠᠷᠢᠮᠲᠠ | ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠡᠷᠭᠡ ᠳᠦᠷᠢᠮ ᠢ ᠬᠡᠷᠡᠭᠵᠢᠭᠦᠯᠦᠭᠰᠡᠨ ᠡᠰᠡᠬᠦ ᠶᠢ | ᠪᠠᠶᠢᠴᠠᠭᠠᠨ᠎ᠠ᠂ ᠭᠤᠷᠪᠠ ᠳᠤ ᠡᠵᠡᠩᠨᠡᠯᠲᠡ ᠶᠢᠨ ᠲᠠᠯᠠᠪᠤᠷ ᠤᠨ ᠣᠨᠴᠠᠭᠠᠶ ᠢᠳᠡᠭᠡᠨ ᠢ ᠡᠩ ᠤᠨ ᠢᠳᠡᠭᠡᠨ ᠪᠤᠶᠤ | ᠪᠤᠰᠤᠳ ᠢᠳᠡᠭᠡᠨ ᠲᠠᠢ ᠬᠤᠯᠢᠯᠳᠤᠭᠤᠯᠤᠨ ᠬᠤᠳᠠᠯᠳᠤᠵᠤ ᠪᠠᠶᠢᠬᠤ ᠡᠰᠡᠬᠦ ᠶᠢ ᠪᠠᠶᠢᠴᠠᠭᠠᠨ᠎ᠠ᠂ ᠳᠥᠷᠪᠡ ᠳᠤ | ᠪᠣᠷᠤᠯᠠᠭᠤᠯᠭ᠎ᠠ ᠶᠢᠨ ᠠᠵᠢᠯᠲᠠᠨ ᠣᠨᠴᠠᠭᠠᠶ ᠢᠳᠡᠭᠡᠨ ᠤ ᠲᠤᠬᠠᠢ ᠥᠰᠬᠡᠭᠡᠨ ᠳᠥᠰᠬᠡᠭᠡᠨ ᠲᠠᠢ ᠬᠤᠳᠠᠯ ᠬᠠᠭᠤᠷᠮᠠᠭ | ᠤᠬᠠᠭᠤᠯᠭ᠎ᠠ ᠬᠢᠭᠰᠡᠨ ᠡᠰᠡᠬᠦ ᠵᠡᠷᠭᠡ ᠶᠢ ᠪᠠᠶᠢᠴᠠᠭᠠᠨ᠎ᠠ᠃ ᠡᠭᠦᠨ ᠤ ᠵᠡᠷᠭᠡᠴᠡᠪᠡᠷ᠂ ᠬᠠᠤᠯᠢ ᠬᠡᠷᠡᠭᠵᠢᠭᠦᠯᠬᠦ ᠠᠵᠢᠯᠲᠠᠳ | ᠡᠵᠡᠩᠨᠡᠭᠴᠢᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ | ᠰᠦᠨ ᠲᠠᠯᠬ᠎ᠠ ᠡᠵᠡᠩᠨᠡᠬᠦ ᠵᠢᠷᠤᠮᠵᠢᠯ ᠤᠨ ᠪᠠᠷᠢᠮᠵᠢᠶ᠎ᠠ ᠶᠢ ᠤᠬᠠᠭᠤᠯᠬᠤ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠶᠢ ᠦᠷᠨᠢᠭᠦᠯᠪᠡ᠃ | ᠣᠲᠣ ᠪᠣᠯᠲᠠᠯ᠎ᠠ᠂ ᠣᠨᠴᠠᠭᠠᠶ ᠢᠳᠡᠭᠡᠨ ᠤ ᠵᠦᠢᠯ ᠤᠨ ᠪᠣᠷᠤᠯᠠᠭᠤᠯᠭ᠎ᠠ ᠶᠢᠨ ᠨᠢᠭᠡᠴᠡ ᠶᠢ ᠨᠡᠶᠢᠲᠡ 36 | ᠪᠠᠶᠢᠴᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠢ ᠬᠤᠪᠢ ᠲᠠᠷᠬᠠᠭᠠᠭᠰᠠᠨ ᠪᠣᠯᠪᠠᠴᠤ ᠢᠯᠡᠷᠬᠡᠢ | ᠠᠰᠠᠭᠤᠳᠠᠯ ᠢᠯᠡᠷᠡᠭᠰᠡᠨ ᠦᠭᠡᠢ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠣᠨᠴᠠᠭᠠᠶ ᠢᠳᠡᠭᠡᠨ ᠤ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠨᠴᠠᠭᠠᠶ ᠢᠳᠡᠭᠡᠨ ᠤ | ᠵᠦᠢᠯ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠵᠤ᠂ ᠣᠨᠴᠠᠭᠠᠶ | ᠢᠳᠡᠭᠡᠨ ᠤ ᠵᠦᠢᠯ ᠤᠨ ᠠᠮᠤᠷ ᠲᠦᠪᠰᠢᠨ ᠢ ᠪᠠᠲᠤᠯᠠᠨ᠎ᠠ᠃ | | |