ᠨᠢᠩᠴᠧᠩ ᠰᠢᠶᠠᠨ ᠬᠠᠪᠤᠷ ᠤᠨ ᠤᠯᠠᠷᠢᠯ ᠤᠨ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/7
 ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠨ᠂ ᠬᠠᠪᠤᠷ ᠤᠨ ᠤᠯᠠᠷᠢᠯ ᠤᠨ ᠲᠠᠷᠢᠮᠠᠯ ᠤᠨ ᠦᠷ᠎ᠡ ᠶᠢᠨ ᠴᠢᠨᠠᠷ ᠤᠨ ᠬᠢᠨᠠᠯᠲᠠ ᠶᠢᠨ ᠠᠵᠢᠯ ᠢ ᠴᠢᠩᠭᠠᠳᠬᠠᠨ᠂ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠥᠷᠢᠮᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠲᠠᠷᠢᠮᠠᠯ ᠤᠨ ᠦᠷ᠎ᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ︽2024 ᠣᠨ ᠤ ᠬᠠᠪᠤᠷ ᠤᠨ ᠤᠯᠠᠷᠢᠯ ᠤᠨ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠢ ᠪᠠᠶᠢᠴᠠᠭᠠᠬᠤ ᠪᠠ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠨᠢᠩᠴᠧᠩ ᠰᠢᠶᠠᠨ ᠤ ᠲᠠᠷᠢᠮᠠᠯ ᠤᠨ ᠦᠷ᠎ᠡ ᠶᠢᠨ ᠦᠢᠯᠡᠰ ᠤᠨ ᠦᠷᠲᠡᠭᠡ ᠪᠦᠬᠦ ᠰᠢᠶᠠᠨ ᠤ ᠬᠠᠪᠤᠷ ᠤᠨ ᠤᠯᠠᠷᠢᠯ ᠤᠨ ᠲᠠᠷᠢᠮᠠᠯ ᠤᠨ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠵᠤ᠂ ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠪᠠ ᠡᠵᠡᠩᠨᠡᠯᠲᠡ ᠶᠢᠨ ᠶᠠᠪᠤᠴᠠ ᠳᠠᠬᠢ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ ᠪᠦᠬᠦ ᠬᠤᠲᠠ ᠶᠢᠨ ᠲᠠᠷᠢᠶᠠᠯᠠᠩ ᠳᠤ ᠬᠡᠷᠡᠭᠯᠡᠬᠦ ᠲᠠᠷᠢᠮᠠᠯ ᠤᠨ ᠦᠷ᠎ᠡ ᠶᠢᠨ ᠠᠮᠤᠷ ᠲᠦᠪᠰᠢᠨ ᠢ ᠪᠠᠲᠤᠯᠠᠵᠤ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠪᠠ᠃ 3 ᠰᠠᠷ᠎ᠠ ᠶᠢᠨ ᠡᠴᠦᠰ ᠪᠣᠯᠲᠠᠯ᠎ᠠ᠂ 150 ᠭᠠᠷᠤᠢ ᠬᠤᠪᠢ ᠡᠷᠳᠡᠨᠢ ᠰᠢᠰᠢ ᠶᠢᠨ ᠦᠷ᠎ᠡ ᠶᠢᠨ ᠦᠯᠢᠭᠡᠷ ᠡᠳ᠋ ᠢ ᠰᠣᠩᠭᠤᠨ ᠠᠪᠴᠤ᠂ ᠨᠠᠬᠢᠶᠠᠯᠠᠬᠤ ᠨᠣᠷᠮ᠎ᠠ᠂ ᠤᠰᠤ᠂ ᠴᠡᠪᠡᠷᠴᠡ ᠶᠢᠨ ᠬᠡᠮᠵᠢᠶ᠎ᠡ᠂ ᠭᠧᠨ ᠰᠢᠯᠵᠢᠭᠦᠯᠦᠭᠰᠡᠨ ᠪᠦᠷᠢᠯᠳᠦᠭᠦᠨ ᠤ ᠰᠢᠯᠭᠠᠨ ᠪᠠᠶᠢᠴᠠᠭᠠᠯᠲᠠ ᠬᠢᠪᠡ᠃ ᠳᠠᠷᠠᠭᠠᠴᠢ ᠶᠢᠨ ᠠᠯᠬᠤᠮ ᠳᠤ᠂ ᠲᠠᠷᠢᠮᠠᠯ ᠤᠨ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠪᠠ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠵᠤ᠂ ᠲᠠᠷᠢᠮᠠᠯ ᠤᠨ ᠦᠷ᠎ᠡ ᠡᠵᠡᠩᠨᠡᠭᠴᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠡᠪᠡᠷᠰᠢᠭᠦᠯᠵᠦ᠂ ᠬᠠᠭᠤᠷᠮᠠᠭ ᠮᠠᠭᠤ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠡᠬᠢ ᠡᠭᠦᠰᠦᠯ ᠠᠴᠠ ᠨᠢ ᠬᠤᠷᠢᠭᠯᠠᠵᠤ᠂ ᠨᠢᠩᠴᠧᠩ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠲᠠᠷᠢᠮᠠᠯ ᠤᠨ ᠦᠷ᠎ᠡ ᠶᠢᠨ ᠠᠮᠤᠷ ᠲᠦᠪᠰᠢᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号