ᠰᠢᠨ ᠨᠢᠩ ᠨᠡᠶᠢᠭᠡᠮ ᠲᠣᠭᠤᠷᠢᠭ ᠮᠢᠩ ᠳ᠋ᠧ ᠪᠠᠭ᠎ᠠ ᠰᠤᠷᠭᠠᠭᠤᠯᠢ ᠲᠠᠢ ᠬᠠᠮᠲᠤᠷᠠᠨ ︽ᠤᠯᠤᠰ ᠢᠶᠠᠨ ᠬᠠᠶᠢᠷᠠᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/13
    ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠶᠢ ᠭᠦᠨᠵᠡᠭᠡᠶᠢᠷᠡᠭᠦᠯᠵᠦ᠂ ᠥᠷᠭᠡᠨ ᠣᠯᠠᠨ ᠨᠠᠰᠤᠨ ᠳᠤ ᠥᠯᠥ ᠭᠦᠷᠦᠭᠰᠡᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠰᠢᠨ ᠨᠢᠩ ᠨᠡᠶᠢᠭᠡᠮ ᠲᠣᠭᠤᠷᠢᠭ ᠮᠢᠩ ᠳ᠋ᠧ ᠰᠤᠷᠭᠠᠭᠤᠯᠢ ᠲᠠᠢ ᠬᠠᠮᠲᠤᠷᠠᠨ ︽  ᠤᠯᠤᠰ ᠢᠶᠠᠨ ᠬᠠᠶᠢᠷᠠᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠪᠠ ᠲᠡᠮᠦᠷ ᠵᠠᠮ ᠤᠨ ᠪᠠᠷᠠᠭᠤᠨᠳᠡᠬᠢ ᠵᠡᠭᠡᠯᠢ ᠭᠤᠳᠤᠮᠵᠢ ᠵᠡᠷᠭᠡ ᠨᠢᠭᠡᠴᠡ ᠶᠢᠨ ᠬᠠᠷᠢᠭᠤᠴᠠᠯᠭᠠᠲᠠᠨ ᠵᠢᠴᠢ ᠮᠢᠩ ᠳ᠋ᠧ ᠪᠠᠭ᠎ᠠ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃     ᠠᠵᠢᠯᠯᠠᠭ᠎ᠠ ᠶᠢᠨ ᠶᠠᠪᠤᠴᠠ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠯᠤᠰ ᠤᠨ ᠲᠤᠭ ᠳᠣᠣᠷ᠎ᠠ ᠶᠠᠷᠢᠶ᠎ᠠ ᠲᠠᠯᠪᠢᠵᠤ᠂ ᠪᠥᠵᠢᠭ ᠤᠨ ᠪᠦᠯᠬᠦᠮ ᠤᠨ ᠰᠤᠷᠤᠭᠴᠢᠳ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠮᠣᠩᠭᠤᠯ ᠦᠨᠳᠦᠰᠦᠲᠡᠨ ᠤ ᠪᠥᠵᠢᠭ ᠪᠠ ᠲᠥᠪᠡᠳ ᠦᠨᠳᠦᠰᠦᠲᠡᠨ ᠤ ᠪᠥᠵᠢᠭ ᠢ ᠲᠣᠭᠯᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠴᠤᠭ ᠵᠢᠪᠬᠤᠭ᠎ᠠ ᠶᠢ ᠬᠠᠷᠠᠭᠤᠯᠪᠠ᠃ ᠠᠵᠢᠯᠯᠠᠭ᠎ᠠ ᠲᠡᠭᠦᠰᠬᠦ ᠦᠶ᠎ᠡ ᠳᠤ ᠬᠡᠦᠬᠡᠳ ᠤᠳ ᠬᠠᠮᠲᠤ ᠪᠠᠷ ︽ᠳᠤᠮᠳᠠᠳᠤ ᠶᠢᠨ ᠦᠨᠳᠦᠰᠦᠲᠡᠨ ᠢᠶᠠᠨ ᠬᠠᠶᠢᠷᠠᠯᠠᠶ᠎ᠠ︾ ᠭᠡᠬᠦ ᠳᠠᠭᠤᠤ ᠶᠢ ᠳᠠᠭᠤᠯᠠᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠲᠡᠷᠭᠡᠯᠰᠢᠭᠦᠯᠬᠦ ᠬᠠᠮᠲᠤ ᠶᠢᠨ ᠬᠦᠰᠡᠯ ᠡᠷᠡᠮᠡᠯᠵᠡᠯ ᠢᠶᠠᠨ ᠤᠶᠠᠩᠭᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号