ᠨᠢᠩᠴᠧᠩ ᠰᠢᠶᠠᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ︽ᠰᠤᠷᠭᠠᠭᠤᠯᠢ ᠶᠢᠨ ᠬᠦᠷᠢᠶᠡᠨ ᠤ ᠮᠡᠬᠡᠯᠡᠯ ᠢ ᠡᠰᠡᠷᠭᠦᠴᠡᠬᠦ᠂ ᠪᠥᠬᠦ ᠨᠡᠶᠢᠭᠡᠮ ᠢᠶᠠᠷ ᠢᠶᠠᠨ ᠮᠡᠬᠡᠯᠡᠯ ᠢ ᠡᠰᠡᠷᠭᠦᠴᠡᠬᠦ︾ ᠰᠢᠨ᠎ᠡ ᠪᠠᠶᠢᠷᠢᠰᠢᠯ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/5/13
    ᠰᠤᠷᠭᠠᠭᠤᠯᠢ ᠶᠢᠨ ᠬᠦᠷᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠡᠬᠡᠯᠡᠯ ᠢ ᠡᠰᠡᠷᠭᠦᠴᠡᠬᠦ ᠮᠡᠳᠡᠯᠭᠡ ᠶᠢ ᠲᠦᠭᠡᠮᠡᠯᠵᠢᠭᠦᠯᠦᠨ᠂ ᠰᠤᠷᠭᠠᠭᠤᠯᠢ ᠶᠢᠨ ᠬᠦᠷᠢᠶᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠦᠨᠡᠨᠬᠦ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠥᠷᠨᠢᠭᠦᠯᠵᠦ᠂ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠷᠭᠡᠨ ᠤᠯᠠᠨ ᠪᠠᠭᠰᠢ ᠰᠤᠷᠤᠭᠴᠢᠳ ᠢ ᠬᠠᠪᠰᠤᠷᠤᠨ ᠮᠡᠬᠡᠯᠡᠯ ᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠩ ᠠᠮᠤᠷ ᠲᠦᠪᠰᠢᠨ ᠲᠣᠭᠲᠠᠭᠤᠨ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠵᠤ᠂ ᠨᠢᠩᠴᠧᠩ ᠰᠢᠶᠠᠨ ᠤᠯᠠᠨ ᠠᠷᠭ᠎ᠠ ᠬᠡᠯᠪᠡᠷᠢ ᠪᠠᠷ ᠰᠤᠷᠭᠠᠭᠤᠯᠢ ᠶᠢᠨ ᠬᠦᠷᠢᠶᠡᠨ ᠤ ᠮᠡᠬᠡᠯᠡᠯ ᠢ ᠡᠰᠡᠷᠭᠦᠴᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠤᠬᠴᠠᠯᠠᠨ᠎ᠠ᠃ ᠨᠢᠭᠡ ᠳᠤ᠂ ᠪᠠᠭᠰᠢ ᠰᠣᠷᠣᠭᠴᠢ ᠵᠢᠴᠢ ᠬᠡᠷ ᠤᠨ ᠠᠬᠠᠮᠠᠳ ᠢ ᠵᠣᠬᠢᠶᠠᠨ ᠪᠠᠶᠢᠭᠤᠯᠤᠨ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ ᠠᠯᠪᠠᠨ ᠤ ᠲᠠᠯ᠎ᠠ ᠶᠢᠨ ᠵᠠᠰᠠᠭ ᠤᠨ ᠶᠠᠪᠤᠳᠠᠯ ᠤᠨ ᠳ᠋ᠤᠭᠠᠷ ᠵᠢᠴᠢ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢ ᠪᠠᠭᠤᠯᠭᠠᠨ ᠠᠪᠴᠤ ᠤᠭᠰᠠᠷᠠᠵᠤ᠂ ᠪᠠᠭᠰᠢ ᠰᠤᠷᠤᠭᠴᠢᠳ ᠤᠨ ᠴᠠᠬᠢᠯᠭᠠᠨ ᠬᠤᠯᠪᠣᠭᠠᠨ ᠤ ᠮᠡᠬᠡᠯᠡᠯ ᠢ ᠠᠷᠭᠠᠴᠠᠬᠤ ᠠᠷᠭ᠎ᠠ ᠬᠡᠮᠵᠢᠶ᠎ᠡ ᠶᠢ ᠳᠡᠭᠡᠭᠰᠢᠯᠡᠭᠦᠯᠪᠡ᠃ ᠬᠤᠶᠠᠷ ᠲᠤ᠂ ᠮᠡᠬᠡᠯᠡᠯ ᠢ ᠡᠰᠡᠷᠭᠦᠴᠡᠬᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠳ᠋ᠤᠭᠠᠷ᠂ ᠬᠡᠷ ᠪᠦᠯᠢ ᠰᠤᠷᠭᠠᠭᠤᠯᠢ ᠶᠢᠨ ᠸᠢᠴᠠᠲ ᠤᠨ ᠪᠦᠯᠦᠭ᠂  ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠵᠢᠷᠤᠭ᠂ ᠰᠠᠮᠪᠠᠷ᠎ᠠ ᠶᠢᠨ ᠰᠣᠨᠢᠨ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ᠮᠡᠬᠡᠯᠡᠯ ᠢ ᠡᠰᠡᠷᠭᠦᠴᠡᠬᠦ ᠣᠯᠠᠨ ᠬᠡᠯᠪᠡᠷᠢ ᠶᠢᠨ ᠮᠡᠳᠡᠭᠡ ᠵᠠᠩᠭᠢ ᠶᠢᠨ ᠤᠬᠠᠭᠤᠯᠭ᠎ᠠ ᠪᠠ ᠬᠥᠮᠦᠵᠢᠯ ᠬᠢᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠷᠭ᠎ᠠ ᠮᠠᠶ᠋ᠢᠭ ᠵᠢᠴᠢ ᠮᠡᠬᠡᠯᠡᠯ ᠢ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠦᠨ ᠤᠬᠠᠭᠤᠯᠵᠤ᠂ ᠪᠠᠭᠰᠢ ᠰᠤᠷᠤᠭᠴᠢᠳ ᠤᠨ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠪᠠ᠃ ᠭᠤᠷᠪᠠ ᠳᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠬᠢᠭᠡᠳ ᠳᠣᠲᠣᠭᠠᠳᠤ ᠶᠢ ᠬᠠᠮᠠᠭᠠᠯᠠᠬᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠮᠡᠬᠡᠯᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠡᠷᠡᠵᠦ᠂ ᠰᠤᠷᠭᠠᠭᠤᠯᠢ ᠶᠢᠨ ᠬᠦᠷᠢᠶᠡᠨ ᠤ ᠮᠡᠬᠡᠯᠡᠯ ᠢ ᠡᠰᠡᠷᠭᠦᠴᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠨᠠᠩ ᠡᠷᠡᠭᠦᠯ ᠮᠡᠨᠳᠦ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号