ᠤᠯᠠᠭᠠᠨᠬᠠᠳᠠ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠠᠮᠤᠷ ᠲᠦᠪᠰᠢᠨ ᠬᠡᠷᠡᠭᠯᠡᠭᠡᠨ ᠤ ᠤᠬᠠᠮᠰᠠᠷ ᠢ ᠴᠢᠩᠭᠠᠳᠬᠠᠵᠤ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ︾ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/16
   ᠣᠶᠢᠷ᠎ᠠ ᠳᠤ᠂ ᠤᠯᠠᠭᠠᠨᠬᠠᠳᠠ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠠᠪᠤᠰᠤᠨ ᠤ ᠦᠢᠯᠡᠰ ᠤᠨ ᠺᠣᠮᠫᠠᠨᠢ᠂ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠴᠢᠤᠸᠠᠨ ᠰᠢᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠠᠮᠤᠷ ᠲᠦᠪᠰᠢᠨ ᠬᠡᠷᠡᠭᠯᠡᠭᠡᠨ ᠤ ᠤᠬᠠᠮᠰᠠᠷ ᠢ ᠴᠢᠩᠭᠠᠳᠬᠠᠵᠤ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ︾ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠰᠠᠨᠠᠭᠠᠴᠢᠯᠠᠪᠠ᠄ ᠨᠢᠭᠡ ᠳᠤ᠂ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠶᠢᠨ ᠦᠨᠡᠨᠴᠢ ᠢᠲᠡᠭᠡᠮᠵᠢᠲᠡᠢ ᠡᠵᠡᠩᠨᠡᠯᠲᠡ᠂ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠡᠷᠡᠭᠯᠡᠭᠡᠨ ᠤ ᠢᠲᠡᠭᠡᠯ ᠢ ᠬᠥᠭᠵᠢᠭᠡᠨ᠎ᠡ᠃ ᠬᠤᠶᠠᠷ ᠲᠤ᠂ ᠪᠣᠬᠢᠷᠲᠤᠯ ᠥᠬᠡᠶ ᠬᠡᠷᠡᠭᠯᠡᠭᠡᠨ ᠤ ᠣᠨᠣᠯᠵᠢᠬᠤᠨ ᠢ ᠪᠣᠶ ᠪᠣᠯᠭᠠᠵᠤ᠂ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠡᠷᠡᠭᠯᠡᠭᠴᠢᠳ ᠲᠤ ᠬᠡᠷᠡᠭᠯᠡᠭᠡᠨ ᠤ ᠮᠡᠬᠡᠯᠡᠯ ᠢ ᠰᠡᠷᠡᠮᠵᠢᠯᠡᠭᠦᠯᠵᠦ᠂ ᠬᠡᠷᠡᠭᠯᠡᠭᠡᠨ ᠤ ᠤᠨᠠᠭᠤᠯᠢ ᠠᠴᠠ ᠰᠠᠨᠠᠭᠠᠴᠢᠯᠠᠭ᠎ᠠ ᠠᠴᠠ ᠪᠠᠨ ᠵᠠᠶᠢᠯᠠᠵᠤ᠂ ᠡᠷᠬᠡ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠮᠡᠬᠡᠯᠡᠭᠳᠡᠬᠦ ᠠᠴᠠ ᠵᠠᠶᠢᠯᠠᠰᠬᠢᠵᠦ᠂ ᠨᠠᠰᠤᠲᠠᠶᠢᠴᠤᠳ ᠤᠨ ᠬᠡᠷᠡᠭᠯᠡᠭᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠣᠨᠴᠠᠭᠠᠶᠢᠯᠠᠨ ᠴᠢᠩᠭᠠᠷᠠᠭᠤᠯᠵᠤ᠂ ᠨᠠᠰᠤᠲᠠᠶᠢᠴᠤᠳ ᠤᠨ ᠮᠡᠬᠡᠯᠡᠯ ᠢ ᠬᠡᠷᠬᠢᠨ ᠰᠡᠷᠭᠡᠶᠢᠯᠡᠬᠦ ᠶᠢ ᠵᠢᠯᠣᠭᠤᠳᠴᠤ᠂ ᠮᠡᠬᠡᠯᠡᠭᠴᠢ ᠶᠢᠨ ᠬᠠᠭᠤᠷᠴᠤ ᠮᠡᠬᠡᠯᠡᠬᠦ ᠶᠢ ᠰᠡᠷᠭᠡᠶᠢᠯᠡᠬᠦ ᠳᠠᠳᠬᠠᠯ ᠠᠷᠭ᠎ᠠ ᠪᠠᠰᠢᠷ ᠢ ᠣᠶᠢᠯᠠᠭᠠᠬᠤ ᠶᠢ ᠰᠠᠨᠠᠭᠤᠯᠪᠠ᠃ ᠭᠤᠷᠪᠠ ᠳᠤ᠂ ᠡᠷᠬᠡ ᠪᠠᠨ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠮᠤᠷ ᠲᠦᠪᠰᠢᠨ ᠬᠡᠷᠡᠭᠯᠡᠭᠡ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠡᠷᠡᠭᠯᠡᠭᠡᠨ ᠤ ᠬᠥᠮᠦᠵᠢᠯ ᠢ ᠴᠢᠬᠤᠯᠠᠴᠢᠯᠠᠵᠤ᠂ ᠬᠡᠷᠡᠭᠯᠡᠭᠴᠢᠳ ᠤᠨ ᠰᠢᠨᠵᠢᠯᠡᠬᠦ ᠤᠬᠠᠭᠠᠨᠴᠢ ᠪᠠᠷ ᠬᠡᠷᠡᠭᠯᠡᠭᠡ ᠬᠢᠬᠦ ᠶᠢ ᠬᠥᠲᠥᠯᠥᠨ ᠵᠢᠯᠣᠭᠤᠳᠴᠤ᠂ ᠬᠡᠷᠡᠭ ᠤᠨ ᠡᠮᠦᠨ᠎ᠡ ᠤᠷᠢᠳᠴᠢᠯᠠᠨ ᠵᠢᠭᠤᠷᠠᠯᠳᠤᠭᠠᠨ ᠢ ᠰᠡᠷᠭᠡᠶᠢᠯᠡᠵᠦ᠂ ᠬᠡᠷᠡᠭ ᠤᠨ ᠳᠠᠷᠠᠭ᠎ᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠪᠡᠶᠡᠯᠡᠭᠦᠯᠦᠨ᠎ᠡ᠃    ᠣᠳᠣᠬᠠᠨ ᠪᠣᠯᠲᠠᠯ᠎ᠠ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ ᠢ 56 ᠬᠥᠮᠦᠨ ᠤᠳᠠᠭ᠎ᠠ᠂ ᠬᠠᠤᠯᠢ ᠬᠡᠷᠡᠭᠵᠢᠭᠦᠯᠬᠦ ᠲᠡᠷᠭᠡ 5 ᠬᠥᠳᠡᠯᠭᠡᠵᠦ᠂ ᠤᠬᠠᠭᠤᠯᠭ᠎ᠠ ᠶᠢᠨ ᠬᠠᠭᠤᠳᠠᠰᠤ ᠶᠢ 2000 ᠭᠠᠷᠤᠶ ᠬᠤᠪᠢ ᠲᠠᠷᠬᠠᠭᠠᠵᠤ᠂ 616 ᠵᠤᠷᠪᠤᠰ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ ᠲᠠᠷᠬᠠᠭᠠᠵᠤ᠂ ᠬᠦᠯᠢᠶᠡᠨ ᠠᠪᠤᠭᠴᠢᠳ ᠤᠨ ᠲᠤᠭ᠎ᠠ 500 ᠰᠢᠬᠠᠮ ᠬᠥᠮᠦᠨ ᠤᠳᠠᠭ᠎ᠠ ᠳᠤ ᠬᠦᠷᠪᠡ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠭᠡ ᠶᠢ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠶᠢ ᠦᠷᠭᠦᠯᠵᠢᠯᠡᠨ ᠴᠢᠩᠭᠠᠳᠬᠠᠵᠤ᠂ ᠬᠡᠷᠡᠭᠯᠡᠭᠡᠨ ᠤ ᠵᠠᠭᠠᠯᠳᠤᠯᠭ᠎ᠠ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠬᠡᠷᠡᠭᠯᠡᠭᠡᠨ ᠤ ᠢᠲᠡᠭᠡᠯ ᠢ ᠬᠥᠪᠴᠢᠯᠡᠵᠦ᠂ ᠡᠶ᠎ᠡ ᠵᠣᠬᠢᠴᠠᠯ ᠲᠠᠢ ᠬᠡᠷᠡᠭᠯᠡᠭᠡᠨ ᠤ ᠣᠷᠴᠢᠨ ᠨᠥᠬᠦᠴᠡᠯ ᠤᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠨᠢᠩᠴᠧᠩ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号