ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/5/22
            ᠳᠤᠮᠳᠠᠲᠦ ᠤᠯᠤᠰ ᠤᠨ ᠡᠪ ᠬᠠᠮᠲᠦ ᠨᠠᠮ ᠤᠨ ᠨᠢᠩᠴᠧᠩ ᠰᠢᠶᠠᠨ ᠤ ᠬᠤᠷᠢᠶ᠎ᠠ ᠰᠣᠳᠣᠯᠣᠭᠠᠳ ᠲᠤᠤᠷᠠᠬᠢ ᠰᠠᠯᠠᠭᠠᠨ ᠲᠡᠰ ᠤᠨ ᠤᠳᠤᠷᠢᠳᠬᠤ ᠺᠠᠳ᠋ᠷ ᠤᠨ ᠲᠤᠰᠢᠶᠠᠯ ᠳᠤ ᠲᠤᠮᠢᠯᠠᠬᠤ ᠶᠢ ᠢᠯᠡ ᠨᠡᠶᠢᠳᠡᠯᠡᠬᠦ ᠪᠠᠷ ᠲᠤᠭᠲᠠᠪᠠ᠃    ᠨᠢᠭᠡ᠂ ᠢᠯᠡ ᠨᠡᠶᠢᠲᠡᠯᠡᠬᠦ ᠨᠡᠷᠡᠰ    ᠯᠢᠦ ᠢᠦᠢ ᠳ᠋ᠦᠩ᠂ ᠡᠷᠡᠭᠲᠡᠶ᠂ ᠬᠢᠲᠠᠳ ᠦᠨᠳᠦᠰᠦᠲᠡᠨ᠂ 1987 ᠣᠨ ᠤ 4 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2010 ᠣᠨ ᠤ 9 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠲᠢᠶᠠᠨ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠢᠦᠢ ᠴᠢᠩ ᠵᠢᠶᠦ᠋ᠨ᠂ ᠡᠷᠡᠭᠲᠡᠢ᠂ ᠮᠠᠨᠵᠤ ᠦᠨᠳᠦᠰᠦᠲᠡᠨ᠂ 1984 ᠣᠨ ᠤ 1 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2005 ᠣᠨ ᠤ 11 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 2005 ᠣᠨ ᠤ 11 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠰᠢᠶᠠᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠩᠬᠢᠨᠢ ᠲᠤᠰᠢᠶᠠᠯᠲᠠᠨ ᠤ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠴᠧᠨ ᠪᠢᠩ ᠶᠧ᠂ ᠡᠷᠡᠭᠲᠡᠶ᠂ ᠬᠢᠲᠠᠳ ᠦᠨᠳᠦᠰᠦᠲᠡᠨ᠂ 1986 ᠣᠨ ᠤ 8 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2007 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ  ᠬᠠᠷᠠᠬᠤᠲᠠ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠶᠢᠨ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠸᠠᠩ ᠵᠦᠩ ᠸᠧᠢ᠂ ᠡᠷᠡᠭᠲᠡᠢ᠂ ᠮᠣᠩᠭᠤᠯ ᠦᠨᠳᠦᠰᠦᠲᠡᠨ᠂ 1984 ᠣᠨ ᠤ 2 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2011 ᠣᠨ ᠤ 3 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠠᠷᠠᠬᠤᠲᠠ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠴᠧᠩ ᠴᠤᠤᠶᠠᠩ᠂ ᠡᠷᠡᠭᠲᠡᠶ᠂ ᠬᠢᠲᠠᠳ ᠦᠨᠳᠦᠰᠦᠲᠡᠨ᠂ 1992 ᠣᠨ ᠤ 6 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2017 ᠣᠨ ᠤ 9 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ  ᠭᠡᠭᠡᠨ ᠬᠤᠲᠠ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠰᠦᠨ ᠯᠢ ᠾᠦᠢ᠂ ᠡᠷᠡᠭᠲᠡᠶ᠂ ᠬᠢᠲᠠᠳ ᠦᠨᠳᠦᠰᠦᠲᠡᠨ᠂ 1985 ᠣᠨ ᠤ 8 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2014 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠶᠡᠭᠡ ᠵᠦᠩ ᠰᠢᠶᠠᠩ ᠤᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠯᠢᠦ ᠱᠢ ᠶᠢᠨ᠂ ᠡᠮᠡᠭᠲᠡᠶ᠂ ᠬᠢᠲᠠᠳ ᠦᠨᠳᠦᠰᠦᠲᠡᠨ᠂ 1996 ᠣᠨ ᠤ 9 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2018 ᠣᠨ ᠤ 9 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ  ᠲᠤᠤᠷ᠎ᠠ ᠬᠤᠷᠤᠭ᠎ᠠ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠨᠢᠭᠡᠳᠦᠭᠡᠷ ᠳᠡᠰ ᠤᠨ ᠭᠡᠰᠢᠭᠦᠴᠢ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯᠲᠠᠨ ᠤ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠵᠦ ᠶᠦᠩ ᠵᠢᠶᠦ᠋ᠨ᠂ ᠡᠷᠡᠭᠲᠡᠶ᠂ ᠮᠣᠩᠭᠤᠯ ᠦᠨᠳᠦᠰᠦᠲᠡᠨ᠂ 1978 ᠣᠨ ᠤ 9 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2005 ᠣᠨ ᠤ 11 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠠᠵᠢᠯ ᠤᠨ ᠵᠥᠪᠯᠡᠯ ᠤᠨ ᠡᠷᠬᠢᠯᠡᠭᠴᠢ᠂  ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯᠲᠠᠨ  ᠤ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃ ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ    ᠵᠠᠷᠯᠠᠨ ᠨᠡᠶᠢᠲᠡᠯᠡᠬᠦ ᠴᠠᠭ ᠨᠢ 2024 ᠣᠨ ᠤ 5 ᠰᠠᠷ᠎ᠠ ᠶᠢᠨ 23 ᠤ ᠡᠳᠦᠷ ᠠᠴᠠ 2024 ᠣᠨ ᠤ 5 ᠰᠠᠷ᠎ᠠ ᠶᠢᠨ 29 ᠤ ᠡᠳᠦᠷ ᠪᠣᠯᠲᠠᠯ᠎ᠠ᠃    ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ    ᠨᠢᠭᠡᠴᠡ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃    ᠵᠠᠷᠯᠠᠨ ᠨᠡᠶᠢᠲᠡᠯᠡᠬᠦ ᠠᠯᠪᠠᠨ ᠬᠡᠷ ᠢ ᠨᠢᠩᠴᠧᠩ ᠰᠢᠶᠠᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠶᠡᠷᠦᠩᠬᠡᠶᠢᠯᠡᠭᠰᠡᠨ ᠠᠯᠪᠠᠨ ᠠᠰᠠᠷ 1912  ᠲᠠᠰᠤᠭ ᠲᠤ ᠲᠣᠬᠢᠷᠠᠭᠤᠯᠪᠠ᠃    ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨ᠎ᠠ 14᠄ 30 - 17᠄ 30    ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵04776︶ 12380    ᠣᠨᠴᠠᠭᠠᠶᠢᠯᠠᠨ ᠵᠠᠷᠯᠠᠪᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠩᠴᠧᠩ ᠰᠢᠶᠠᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ 2024 ᠣᠨ ᠤ 5 ᠰᠠᠷ᠎ᠠ ᠶᠢᠨ 22 ᠤᠨ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号