ᠨᠢᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠥᠷᠪᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
    ᠪᠦᠬᠦ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠵᠦ᠂ ᠪᠠᠭᠰᠢ ᠰᠤᠷᠤᠭᠴᠢᠳ ᠤᠨ ᠥᠪᠡᠷ ᠢ ᠪᠠᠨ ᠠᠪᠤᠷᠠᠬᠤ ᠴᠢᠳᠠᠪᠤᠷᠢ ᠪᠣᠯᠤᠨ ᠠᠶᠤᠯ ᠠᠴᠠ ᠪᠠᠴᠢᠮ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠤᠷ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢᠩᠴᠧᠩ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃    ᠰᠣᠷᠢᠯᠲᠠ ᠶᠢᠨ ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠤᠷᠭᠠᠭᠤᠯᠢ ᠨᠠᠷᠢᠨ ᠨᠢᠭᠲᠠ ᠳᠣᠭᠢᠷᠠᠭᠤᠯᠤᠨ ᠪᠠᠶᠢᠷᠢᠯᠠᠭᠤᠯᠵᠤ᠂ ᠰᠣᠷᠢᠯᠲᠠ ᠶᠢᠨ ᠠᠵᠢᠯᠯᠠᠭ᠎ᠠ ᠶᠢᠨ ᠨᠠᠷᠢᠨ ᠲᠥᠰᠦᠯ ᠢ ᠲᠣᠭᠲᠠᠭᠠᠨ᠂ ᠲᠠᠷᠬᠠᠭᠠᠬᠤ ᠵᠠᠮ ᠱᠤᠭᠤᠮ᠂ ᠵᠠᠩᠭᠢᠯᠠᠭ᠎ᠠ ᠶᠢᠨ ᠬᠡᠰᠡᠭ ᠲᠤ ᠨᠠᠷᠢᠨ ᠨᠢᠮᠪᠠᠶ ᠲᠣᠬᠢᠷᠠᠭᠤᠯᠤᠯᠲᠠ ᠬᠢᠪᠠ᠃ ᠰᠡᠷᠡᠮᠵᠢ ᠶᠢᠨ ᠳᠣᠬᠢᠶ᠎ᠠ ᠳᠤᠤᠭᠠᠷᠬᠤ ᠶᠢ ᠳᠠᠭᠠᠯᠳᠤᠨ᠂ ᠡᠯ᠎ᠡ ᠠᠩᠭᠢ ᠶᠢᠨ ᠡᠷᠬᠢᠯᠡᠭᠴᠢ ᠮᠠᠰᠢ ᠲᠦᠷᠭᠡᠨ ᠢᠶᠠᠷ ᠬᠢᠴᠢᠶᠡᠯ ᠤᠷᠤᠭ᠎ᠠ ᠪᠠᠭᠰᠢ ᠪᠠᠨ ᠬᠠᠪᠰᠤᠷᠤᠨ ᠰᠤᠷᠤᠭᠴᠢᠳ ᠢ ᠵᠣᠬᠢᠶᠠᠨ ᠪᠠᠶᠢᠭᠤᠯᠵᠤ᠂ ᠪᠤᠰᠤᠳ ᠪᠠᠭᠰᠢ ᠴᠤ ᠲᠡᠷᠡ ᠳᠠᠷᠤᠶ ᠳᠤᠨᠢ ᠥᠪᠡᠷ ᠤᠨ ᠬᠠᠷᠢᠭᠤᠴᠠᠵᠤ ᠪᠠᠶᠢᠭ᠎ᠠ ᠳᠠᠪᠬᠤᠷᠭ᠎ᠠ ᠳᠤ ᠬᠦᠷᠴᠦ ᠬᠠᠮᠵᠢᠯᠴᠠᠬᠤ ᠠᠵᠢᠯ ᠢ ᠰᠠᠶᠢᠲᠤᠷ ᠬᠢᠪᠡ᠃ ᠰᠤᠷᠤᠭᠴᠢᠳ ᠪᠠᠭᠰᠢ ᠶᠢᠨ ᠵᠢᠯᠣᠭᠤᠳᠣᠯᠭ᠎ᠠ ᠳᠣᠤᠷ᠎ᠠ ᠠᠩᠭᠢ ᠶᠢᠨ ᠭᠡᠷ ᠠᠴᠠ ᠪᠠᠴᠢᠮ ᠶᠠᠭᠠᠷᠠᠯᠲᠠᠶ᠂ ᠡᠮᠬᠢ ᠵᠢᠷᠤᠮ ᠲᠠᠢ᠂ ᠲᠦᠷᠭᠡᠨ ᠵᠠᠶᠢᠯᠠᠵᠤ᠂ ᠲᠣᠭᠲᠠᠭᠰᠠᠨ ᠠᠰᠠᠷ ᠤᠨ ᠱᠠᠲᠤᠨ ᠤ ᠡᠭᠦᠳᠡ ᠪᠠᠷ ᠲᠦᠷᠭᠡᠨ ᠤᠷᠤᠭᠰᠢᠯᠠᠵᠤ᠂ ᠪᠡᠯᠡᠳᠬᠡᠯ ᠲᠥᠰᠦᠯ ᠳᠤ ᠲᠣᠭᠲᠠᠭᠠᠭᠰᠠᠨ ᠲᠠᠷᠬᠠᠭᠠᠬᠤ ᠱᠤᠭᠤᠮ ᠢᠶᠠᠷ ᠲᠣᠭᠲᠠᠭᠰᠠᠨ ᠠᠮᠤᠷ ᠲᠦᠪᠰᠢᠨ ᠤ ᠣᠷᠣᠨ ᠳᠤ ᠣᠴᠢᠵᠤ ᠵᠠᠷᠯᠢᠭ ᠬᠥᠯᠢᠶᠡᠪᠡ᠃    ᠰᠣᠷᠢᠯᠲᠠ ᠳᠠᠭᠤᠰᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠲᠤᠬᠠᠶ ᠶᠢᠨ ᠲᠠᠯᠠᠪᠠᠶ ᠳᠤ ᠪᠥᠬᠦ ᠪᠠᠭᠰᠢ ᠰᠤᠷᠤᠭᠴᠢᠳ ᠲᠤ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠤᠭᠴᠢ ᠰᠤᠷᠤᠭᠴᠢᠳ ᠲᠤ ᠦᠶᠡᠷ ᠤᠰᠤᠲᠤᠯ ᠤᠨ ᠭᠠᠮᠰᠢᠭ᠂ ᠭᠠᠵᠠᠷ ᠰᠢᠨᠵᠢᠯᠡᠭᠡ ᠶᠢᠨ ᠭᠠᠮᠰᠢᠭ᠂ ᠴᠠᠭ ᠠᠭᠤᠷ ᠤᠨ ᠭᠠᠮᠰᠢᠭ᠂ ᠤᠯᠠᠨ ᠨᠡᠶᠢᠲᠡ ᠶᠢᠨ ᠲᠠᠯᠠᠪᠤᠷ ᠤᠨ ᠠᠮᠤᠷ ᠲᠦᠪᠰᠢᠨ ᠵᠡᠷᠭᠡ ᠤᠬᠠᠭᠤᠯᠭ᠎ᠠ ᠶᠢᠨ ᠳᠡᠪᠲᠡᠷ ᠢ 500 ᠭᠠᠷᠤᠢ ᠬᠤᠪᠢ ᠲᠠᠷᠬᠠᠭᠠᠪᠠ᠃    ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠭᠡᠨᠡᠳᠲᠡ ᠶᠢᠨ ᠬᠡᠷᠡᠭ ᠡᠭᠦᠰᠬᠦ ᠦᠶ᠎ᠡ ᠶᠢᠨ ᠠᠮᠤᠷ ᠲᠦᠪᠰᠢᠨ ᠢᠶᠠᠷ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠭᠴᠢᠳ ᠲᠤ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠮᠡᠳᠡᠯᠭᠡ ᠪᠠ ᠤᠷ᠎ᠠ ᠴᠢᠳᠠᠪᠤᠷᠢ ᠶᠢ ᠨᠠᠩ ᠪᠠᠲᠤ ᠪᠠᠬᠢ ᠡᠵᠡᠮᠰᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号