| ᠵᠠᠰᠠᠯ ᠭᠤᠶᠣᠯᠠᠯ ᠤᠨ ᠡᠳ᠋ ᠤᠨ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ | ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠰᠠᠯ | ᠭᠤᠶᠣᠯᠠᠯ ᠤᠨ ᠡᠳ᠋ ᠤᠨ ᠲᠤᠰᠬᠠᠶ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠵᠠᠰᠠᠯ ᠭᠤᠶᠣᠯᠠᠯ ᠤᠨ ᠡᠳ᠋ ᠤᠨ ᠲᠤᠰᠬᠠᠶ ᠡᠵᠡᠩᠨᠡᠯᠲᠡ ᠶᠢᠨ | ᠳᠡᠯᠭᠡᠭᠦᠷ ᠪᠠ ᠵᠢᠰᠦ ᠭᠤᠶᠣᠯᠠᠵᠤ ᠭᠡᠵᠢᠭᠡ ᠵᠠᠰᠠᠬᠤ ᠪᠠᠶᠢᠭᠤᠯᠤᠮᠵᠢ ᠪᠠᠷ ᠭᠤᠤᠯᠳᠠᠯᠭ᠎ᠠ ᠪᠠᠶᠢᠴᠠᠭᠠᠪᠠ᠃ | ᠨᠢᠭᠡ ᠳᠤ ᠡᠵᠡᠩᠨᠡᠯᠲᠡ ᠶᠢᠨ ᠬᠢᠷᠢ ᠬᠡᠮ ᠢ ᠬᠠᠷᠭᠤᠭᠤᠯᠤᠨ ᠪᠠᠶᠢᠴᠠᠭᠠᠪᠡ᠃ ᠡᠯ᠎ᠡ ᠵᠠᠰᠠᠯ ᠭᠤᠶᠣᠯᠠᠯ ᠤᠨ ᠡᠳ᠋ | ᠡᠵᠡᠩᠨᠡᠬᠦ ᠨᠢᠭᠡᠴᠢ ᠶᠢᠨ ᠬᠠᠤᠯᠢ ᠶᠣᠰᠣᠨ ᠤ ᠡᠵᠡᠩᠨᠡᠯᠲᠡ ᠶᠢᠨ ᠦᠨᠡᠮᠯᠡᠯ ᠲᠠᠢ ᠪᠠᠶᠢᠬᠤ ᠡᠰᠡᠬᠦ᠂ ᠪᠠᠷᠠᠭ᠎ᠠ ᠬᠠᠩᠭᠠᠬᠤ | ᠬᠤᠳᠠᠯᠳᠤᠭᠠᠴᠢᠨ ᠤ ᠵᠣᠬᠢᠴᠠᠩᠭᠤᠶ ᠦᠢᠯᠡᠳᠪᠦᠷᠢᠯᠡᠬᠦ ᠬᠢᠷᠢ ᠬᠡᠮ᠂ ᠤᠯᠤᠰ ᠲᠠᠭᠠᠨ ᠦᠢᠯᠡᠳᠪᠦᠷᠢᠯᠡᠭᠰᠡᠨ ᠣᠨᠴᠠᠭᠠᠢ | ᠵᠠᠰᠠᠯ ᠭᠤᠶᠣᠯᠠᠯ ᠤᠨ ᠡᠳ᠋ ᠤᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠨᠣᠮᠧᠷ᠂ ᠭᠠᠳᠠᠭᠠᠳᠤ ᠠᠴᠠ | ᠣᠷᠣᠭᠤᠯᠤᠭᠰᠠᠨ ᠵᠠᠰᠠᠯ ᠭᠤᠶᠣᠯᠠᠯ ᠤᠨ ᠡᠳ᠋ ᠤᠨ ᠵᠥᠪᠰᠢᠶᠡᠷᠡᠯ ᠤᠨ ᠪᠢᠴᠢᠭ ᠪᠤᠶᠤ ᠳᠠᠩᠰᠠᠯᠠᠭᠤᠯᠤᠭᠰᠠᠨ ᠨᠣᠮᠧᠷ ᠨᠢ | ᠪᠦᠷᠢᠨ ᠭᠦᠢᠴᠡᠳ ᠪᠠᠶᠢᠬᠤ ᠡᠰᠡᠬᠦ᠂ ᠡᠵᠡᠩᠨᠡᠵᠦ ᠬᠡᠷᠡᠭᠯᠡᠭᠰᠡᠨ ᠪᠤᠢ ᠪᠦᠬᠦᠢ ᠵᠠᠰᠠᠯ ᠭᠤᠶᠣᠯᠠᠯ ᠤᠨ ᠡᠳ᠋ ᠨᠢ ᠴᠥᠮ | ᠲᠣᠳᠣᠷᠬᠠᠶ ᠪᠠᠶᠢᠬᠤ ᠡᠰᠡᠬᠦ ᠶᠢ ᠪᠠᠶᠢᠴᠠᠭᠠᠪᠡ᠃ | ᠬᠤᠶᠠᠷ ᠲᠤ ᠦᠢᠯᠡᠳᠬᠦᠨ ᠤ ᠶᠠᠰᠤ ᠴᠢᠨᠠᠷ ᠢ ᠴᠢᠩᠭ᠎ᠠ ᠪᠠᠶᠢᠴᠠᠭᠠᠪᠡ᠃ ᠵᠠᠰᠠᠯ ᠭᠤᠶᠣᠯᠠᠯ ᠤᠨ ᠡᠳ᠋ ᠨᠢ ᠴᠢᠨᠠᠷ ᠢ | ᠪᠠᠲᠤᠯᠠᠬᠤ ᠬᠤᠭᠤᠴᠠᠭᠠᠨ ᠳᠤ ᠪᠠᠶᠢᠬᠤ ᠡᠰᠡᠬᠦ᠂ ᠦᠢᠯᠡᠳᠬᠦᠨ ᠤ ᠱᠣᠰᠢᠭ᠎ᠠ ᠲᠡᠮᠳᠡᠭ ᠨᠢ ᠵᠢᠷᠤᠮᠵᠢᠭᠤᠨ ᠪᠠᠶᠢᠬᠤ | ᠡᠰᠡᠬᠦ᠂ ᠭᠡᠵᠢᠭᠡ ᠪᠣᠳᠣᠵᠤ ᠭᠡᠵᠢᠭᠡ ᠵᠠᠰᠠᠬᠤ ᠵᠡᠷᠭᠡ ᠭᠤᠤᠯᠳᠠᠯᠭ᠎ᠠ ᠲᠠᠢ ᠵᠠᠰᠠᠯ ᠭᠤᠶᠣᠯᠠᠯ ᠤᠨ ᠡᠳ᠋ ᠨᠢ ᠤᠯᠤᠰ ᠤᠨ | ᠪᠠᠷᠢᠮᠵᠢᠶ᠎ᠠ ᠳᠤ ᠨᠡᠶᠢᠴᠡᠬᠦ ᠡᠰᠡᠬᠦ᠂ ᠤᠯᠤᠰ ᠤᠨ ᠡᠮ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠨᠡᠶᠢᠲᠡᠯᠡᠭᠰᠡᠨ ᠬᠢᠷᠢ ᠲᠡᠩᠴᠡᠭᠰᠡᠨ ᠥᠬᠡᠶ ᠵᠠᠰᠠᠯ ᠭᠤᠶᠣᠯᠠᠯ ᠤᠨ ᠡᠳ᠋ ᠪᠠᠶᠢᠬᠤ ᠡᠰᠡᠬᠦ ᠶᠢ ᠪᠠᠶᠢᠴᠠᠭᠠᠪᠡ᠃ | ᠭᠤᠷᠪᠠ ᠳᠤ᠂ ᠪᠠᠷᠠᠭ᠎ᠠ ᠣᠷᠣᠭᠤᠯᠬᠤ ᠡᠬᠡ ᠲᠠᠩᠰᠠ ᠶᠢ ᠪᠠᠶᠢᠴᠠᠭᠠᠪᠠ᠃ ᠵᠠᠰᠠᠯ ᠭᠤᠶᠣᠯᠠᠯ ᠤᠨ ᠡᠳ᠋ ᠡᠵᠡᠩᠨᠡᠬᠦ | ᠨᠢᠭᠡᠴᠢ ᠶᠢᠨ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠳᠦᠷᠢᠮ ᠪᠠᠶᠢᠭᠤᠯᠤᠭᠰᠠᠨ ᠡᠰᠡᠬᠦ᠂ ᠭᠡᠷᠡᠴᠢ ᠪᠠᠷᠢᠮᠲᠠ | ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠦᠢᠯᠡᠳᠬᠦᠨ ᠤ ᠢᠷᠡᠯᠲᠡ ᠶᠢᠨ ᠠᠷᠭ᠎ᠠ ᠵᠠᠮ ᠨᠢ ᠵᠥᠪ ᠡᠰᠡᠬᠦ | ᠵᠡᠷᠭᠡ ᠶᠢ ᠪᠠᠶᠢᠴᠠᠭᠠᠪᠡ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ︽ᠵᠠᠰᠠᠯ ᠭᠤᠶᠣᠯᠠᠯ ᠤᠨ ᠡᠳ᠋ ᠤᠨ | ᠬᠢᠨᠠᠯᠲᠠ ᠬᠠᠮᠢᠶᠠᠷᠤᠯᠲᠠ ᠶᠢᠨ ᠲᠦᠷᠢᠮ︾ ᠤᠨ ᠤᠬᠠᠭᠤᠯᠭ᠎ᠠ ᠶᠢ ᠥᠷᠨᠢᠭᠦᠯᠵᠦ᠂ ᠡᠵᠡᠩᠨᠡᠭᠴᠢᠳ ᠢ ᠰᠢᠮᠳᠠᠭᠤᠯᠵᠤ | ᠪᠠᠶᠢᠭᠠᠳ ᠭᠤᠶᠣᠯᠠᠯ ᠤᠨ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠤ ᠲᠠᠩᠰᠠ ᠡᠪᠬᠡᠮᠡᠯ ᠪᠠᠶᠢᠭᠤᠯᠵᠤ᠂ ᠶᠠᠰᠤ | ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ | ᠣᠲᠣ ᠪᠣᠯᠲᠠᠯ᠎ᠠ᠂ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 32 ᠪᠠᠶᠢᠴᠠᠭᠠᠵᠤ᠂ | ᠬᠤᠯᠪᠣᠭᠳᠠᠯ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠦᠷ ᠣᠯᠵᠤ ᠮᠡᠳᠡᠭᠰᠡᠨ ᠥᠬᠡᠶ᠃ | ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠰᠠᠯ | ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠯ ᠭᠤᠶᠣᠯᠠᠯ ᠤᠨ | ᠡᠳ᠋ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠯ ᠭᠤᠶᠣᠯᠠᠯ ᠤᠨ ᠡᠳ᠋ ᠤᠨ ᠶᠠᠰᠤ ᠴᠢᠨᠠᠷ ᠤᠨ | ᠠᠮᠤᠷ ᠲᠦᠪᠰᠢᠨ ᠪᠠ ᠠᠵᠢᠯ ᠲᠥᠷᠥᠯ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ︽ᠦᠵᠡᠰᠬᠦᠯᠡᠩᠲᠦ | ᠰᠠᠶᠢᠬᠠᠨ ᠬᠡᠷᠡᠭᠯᠡᠭᠡᠨ︾ ᠢ ᠬᠠᠮᠠᠭᠠᠯᠠᠨ᠎ᠠ᠃ | | | | | | | | | | | ᠁ |