ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/5/23
    ᠵᠤᠨ ᠤ ᠤᠯᠠᠷᠢᠯ ᠤᠨ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠰᠢᠶᠠᠨ ᠤ ᠳᠣᠲᠣᠷᠠᠬᠢ ᠰᠤᠷᠭᠠᠭᠤᠯᠢ᠂ ᠬᠡᠤᠬᠡᠳ ᠤᠨ ᠴᠡᠴᠡᠷᠯᠢᠭ ᠢᠶᠠᠷ ᠭᠤᠤᠯᠳᠠᠯᠭ᠎ᠠ ᠪᠣᠯᠭᠠᠪᠠ᠃ ᠨᠢᠭᠡ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠰᠠᠶᠢᠲᠤᠷ ᠬᠢᠯᠭᠡᠨ᠎ᠡ᠃ ᠰᠤᠷᠭᠠᠭᠤᠯᠢ ᠶᠢ ᠭᠤᠤᠯᠳᠠᠯᠭ᠎ᠠ ᠲᠠᠢ ᠰᠢᠮᠳᠠᠭᠤᠯᠤᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠢᠳᠡᠭᠡᠨ ᠤ ᠵᠦᠢᠯ ᠤᠨ ᠠᠮᠤᠷ ᠲᠦᠪᠰᠢᠨ ᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠠᠵᠢᠯ ᠡᠷᠬᠢᠯᠡᠭᠴᠢᠳ ᠤᠨ ᠢᠳᠡᠭᠡᠨ ᠤ ᠠᠮᠤᠷ ᠲᠦᠪᠰᠢᠨ ᠤ ᠪᠣᠯᠪᠠᠰᠤᠷᠠᠭᠤᠯᠤᠯ ᠢ ᠴᠠᠭ ᠬᠤᠭᠤᠴᠠᠭ᠎ᠠ ᠶᠣᠰᠣᠭᠠᠷ ᠥᠷᠨᠢᠭᠦᠯᠵᠦ᠂ ᠠᠵᠢᠯᠯᠠᠭᠤᠯᠬᠤ ᠵᠢᠷᠤᠮᠵᠢᠯ ᠢ ᠴᠢᠩᠭ᠎ᠠ ᠵᠢᠷᠤᠮᠯᠠᠨ᠂ ᠢᠳᠡᠭᠡᠨ ᠤ ᠵᠦᠢᠯ ᠤᠨ ᠠᠮᠤᠷ ᠲᠦᠪᠰᠢᠨ ᠤ ᠳᠠᠯᠳᠠ ᠭᠡᠮ ᠲᠠᠢ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠬᠤᠭᠤᠯᠠ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠲᠤᠰᠬᠠᠢ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠪᠡ᠃ ᠰᠢᠶᠠᠨ ᠤ ᠳᠣᠲᠣᠷᠠᠬᠢ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠᠯᠠᠬᠤ ᠲᠠᠯᠠᠪᠤᠷ᠂ ᠡᠯ᠎ᠡ ᠴᠢᠳᠠᠮᠵᠢ ᠶᠢᠨ ᠲᠠᠰᠤᠭ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠪᠡᠯᠡᠳᠬᠡᠮᠵᠢ ᠲᠥᠬᠦᠭᠡᠷᠦᠮᠵᠢ ᠶᠢ ᠠᠷᠢᠭᠤᠳᠬᠠᠭᠰᠠᠨ ᠪᠠᠶᠢᠳᠠᠯ᠂ ᠦᠯᠢᠭᠡᠷ ᠬᠡᠪ ᠦᠯᠡᠳᠡᠭᠡᠭᠰᠡᠨ ᠡᠰᠡᠬᠦ᠂ ᠢᠳᠡᠭᠡᠨ ᠤ ᠲᠦᠭᠦᠬᠡᠶ ᠮᠠᠲ᠋ᠧᠷᠢᠶᠠᠯ ᠤᠨ ᠬᠤᠭᠤᠴᠠᠭ᠎ᠠ ᠨᠢ ᠥᠩᠭᠡᠷᠡᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠲᠡᠳᠡᠨ ᠢ ᠰᠢᠮᠳᠠᠭᠤᠯᠵᠤ ᠪᠠᠶᠢᠭᠠᠳ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠬᠤᠳᠠᠯᠳᠤᠨ ᠠᠪᠬᠤ ᠵᠢᠴᠢ ᠬᠠᠳᠠᠭᠠᠯᠠᠬᠤ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠬᠤᠭᠤᠯᠠᠨ ᠭᠡᠷ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠠᠷᠢᠭᠤᠳᠬᠠᠬᠤ ᠵᠡᠷᠭᠡ ᠠᠵᠢᠯ ᠢ ᠰᠠᠶᠢᠲᠤᠷ ᠬᠢᠨ᠎ᠡ᠃    ᠣᠳᠣᠬᠠᠨ ᠪᠣᠯᠲᠠᠯ᠎ᠠ᠂ ᠨᠡᠶᠢᠲᠡ 4 ᠰᠤᠷᠭᠠᠭᠤᠯᠢ᠂ 12 ᠬᠡᠦᠬᠡᠳ ᠤᠨ ᠴᠡᠴᠡᠷᠯᠢᠭ ᠢ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠭᠰᠡᠨ ᠥᠬᠡᠶ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠵᠡᠷᠭᠡ ᠠᠰᠠᠭᠤᠳᠠᠯ ᠳᠤ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠤᠭᠤᠯᠠᠨ ᠬᠡᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ︽ᠡᠷᠭᠢᠵᠦ ᠦᠵᠡᠵᠦ︾᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号