| ᠵᠤᠨ ᠤ ᠤᠯᠠᠷᠢᠯ ᠤᠨ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠢ ᠦᠨᠡᠨ ᠬᠦ | ᠪᠠᠲᠤᠯᠠᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠡᠵᠡᠮᠳᠡᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ | ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠰᠢᠶᠠᠨ ᠤ ᠳᠣᠲᠣᠷᠠᠬᠢ ᠰᠤᠷᠭᠠᠭᠤᠯᠢ᠂ ᠬᠡᠤᠬᠡᠳ ᠤᠨ | ᠴᠡᠴᠡᠷᠯᠢᠭ ᠢᠶᠠᠷ ᠭᠤᠤᠯᠳᠠᠯᠭ᠎ᠠ ᠪᠣᠯᠭᠠᠪᠠ᠃ ᠨᠢᠭᠡ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ | ᠬᠦᠷᠢᠶᠡᠨ ᠤ ᠬᠤᠭᠤᠯᠠᠨ ᠭᠡᠷ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠥᠪᠡᠰᠦᠪᠡᠨ | ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠰᠠᠶᠢᠲᠤᠷ ᠬᠢᠯᠭᠡᠨ᠎ᠡ᠃ ᠰᠤᠷᠭᠠᠭᠤᠯᠢ ᠶᠢ ᠭᠤᠤᠯᠳᠠᠯᠭ᠎ᠠ ᠲᠠᠢ | ᠰᠢᠮᠳᠠᠭᠤᠯᠤᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠢᠳᠡᠭᠡᠨ ᠤ ᠵᠦᠢᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠤᠨ᠂ ᠢᠳᠡᠭᠡᠨ ᠤ ᠵᠦᠢᠯ ᠤᠨ ᠠᠮᠤᠷ ᠲᠦᠪᠰᠢᠨ ᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠥᠪᠡᠷ ᠢᠶᠠᠨ ᠪᠠᠶᠢᠴᠠᠭᠠᠵᠤ ᠥᠪᠡᠷ ᠢᠶᠠᠨ | ᠵᠠᠯᠠᠷᠠᠭᠤᠯᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠠᠵᠢᠯ ᠡᠷᠬᠢᠯᠡᠭᠴᠢᠳ ᠤᠨ ᠢᠳᠡᠭᠡᠨ ᠤ ᠠᠮᠤᠷ | ᠲᠦᠪᠰᠢᠨ ᠤ ᠪᠣᠯᠪᠠᠰᠤᠷᠠᠭᠤᠯᠤᠯ ᠢ ᠴᠠᠭ ᠬᠤᠭᠤᠴᠠᠭ᠎ᠠ ᠶᠣᠰᠣᠭᠠᠷ ᠥᠷᠨᠢᠭᠦᠯᠵᠦ᠂ ᠠᠵᠢᠯᠯᠠᠭᠤᠯᠬᠤ ᠵᠢᠷᠤᠮᠵᠢᠯ ᠢ | ᠴᠢᠩᠭ᠎ᠠ ᠵᠢᠷᠤᠮᠯᠠᠨ᠂ ᠢᠳᠡᠭᠡᠨ ᠤ ᠵᠦᠢᠯ ᠤᠨ ᠠᠮᠤᠷ ᠲᠦᠪᠰᠢᠨ ᠤ ᠳᠠᠯᠳᠠ ᠭᠡᠮ ᠲᠠᠢ ᠠᠰᠠᠭᠤᠳᠠᠯ ᠢ ᠣᠯᠵᠤ ᠮᠡᠳᠡᠪᠡᠯ | ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠬᠤᠭᠤᠯᠠ ᠬᠠᠩᠭᠠᠬᠤ ᠪᠠᠲᠤᠯᠠᠭ᠎ᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ | ᠲᠤᠰᠬᠠᠢ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠪᠡ᠃ ᠰᠢᠶᠠᠨ ᠤ ᠳᠣᠲᠣᠷᠠᠬᠢ ᠰᠤᠷᠭᠠᠭᠤᠯᠢ ᠶᠢᠨ ᠬᠤᠭᠤᠯᠠᠨ | ᠭᠡᠷ ᠤᠨ ᠬᠤᠭᠤᠯᠠᠯᠠᠬᠤ ᠲᠠᠯᠠᠪᠤᠷ᠂ ᠡᠯ᠎ᠡ ᠴᠢᠳᠠᠮᠵᠢ ᠶᠢᠨ ᠲᠠᠰᠤᠭ ᠤᠨ ᠣᠷᠴᠢᠨ ᠲᠣᠭᠤᠷᠢᠨ ᠤ ᠠᠷᠢᠭᠤᠨ ᠴᠡᠪᠡᠷ᠂ | ᠪᠡᠯᠡᠳᠬᠡᠮᠵᠢ ᠲᠥᠬᠦᠭᠡᠷᠦᠮᠵᠢ ᠶᠢ ᠠᠷᠢᠭᠤᠳᠬᠠᠭᠰᠠᠨ ᠪᠠᠶᠢᠳᠠᠯ᠂ ᠦᠯᠢᠭᠡᠷ ᠬᠡᠪ ᠦᠯᠡᠳᠡᠭᠡᠭᠰᠡᠨ ᠡᠰᠡᠬᠦ᠂ ᠢᠳᠡᠭᠡᠨ ᠤ | ᠲᠦᠭᠦᠬᠡᠶ ᠮᠠᠲ᠋ᠧᠷᠢᠶᠠᠯ ᠤᠨ ᠬᠤᠭᠤᠴᠠᠭ᠎ᠠ ᠨᠢ ᠥᠩᠭᠡᠷᠡᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ᠂ | ᠲᠡᠳᠡᠨ ᠢ ᠰᠢᠮᠳᠠᠭᠤᠯᠵᠤ ᠪᠠᠶᠢᠭᠠᠳ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠲᠦᠭᠦᠬᠡᠶ ᠮᠠᠲ᠋ᠧᠷᠢᠶᠠᠯ | ᠲᠤᠰᠠᠯᠠᠬᠤ ᠮᠠᠲ᠋ᠧᠷᠢᠶᠠᠯ ᠢ ᠬᠤᠳᠠᠯᠳᠤᠨ ᠠᠪᠬᠤ ᠵᠢᠴᠢ ᠬᠠᠳᠠᠭᠠᠯᠠᠬᠤ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ | ᠠᠷᠢᠭᠤᠳᠬᠠᠬᠤ᠂ ᠬᠤᠭᠤᠯᠠᠨ ᠭᠡᠷ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ | ᠠᠷᠢᠭᠤᠳᠬᠠᠬᠤ ᠵᠡᠷᠭᠡ ᠠᠵᠢᠯ ᠢ ᠰᠠᠶᠢᠲᠤᠷ ᠬᠢᠨ᠎ᠡ᠃ | ᠣᠳᠣᠬᠠᠨ ᠪᠣᠯᠲᠠᠯ᠎ᠠ᠂ ᠨᠡᠶᠢᠲᠡ 4 ᠰᠤᠷᠭᠠᠭᠤᠯᠢ᠂ 12 ᠬᠡᠦᠬᠡᠳ ᠤᠨ ᠴᠡᠴᠡᠷᠯᠢᠭ ᠢ ᠪᠠᠶᠢᠴᠠᠭᠠᠵᠤ᠂ | ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠭᠰᠡᠨ ᠥᠬᠡᠶ᠂ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ | ᠥᠬᠡᠶ ᠵᠡᠷᠭᠡ ᠠᠰᠠᠭᠤᠳᠠᠯ ᠳᠤ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠵᠠᠷᠯᠢᠭᠳᠠᠨ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢ ᠰᠢᠪᠠᠳᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠤᠭᠤᠯᠠᠨ ᠬᠡᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ︽ᠡᠷᠭᠢᠵᠦ ᠦᠵᠡᠵᠦ︾᠂ ᠠᠮᠤᠷ | ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠥᠷᠭᠡᠨ ᠣᠯᠠᠨ | ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | | | | | | | | | | | ᠁ |