| | | ᠲᠠᠷᠢᠶᠠᠴᠢᠳ ᠤᠨ ᠣᠷᠣᠯᠭ᠎ᠠ ᠶᠢ ᠬᠡᠷᠬᠢᠨ ᠦᠷᠭᠦᠯᠵᠢᠯᠡᠨ ᠨᠡᠮᠡᠭᠳᠡᠭᠦᠯᠬᠦ ᠪᠤᠢ︖ ᠡᠨᠡ ᠵᠢᠯ ᠤᠨ ᠲᠥᠪ ᠤᠨ | ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠪᠠᠷᠢᠯ ᠢ | ᠴᠢᠩᠭᠠᠳᠬᠠᠬᠤ ᠶᠠᠪᠤᠳᠠᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ᠠᠵᠢᠯᠯᠠᠭ᠎ᠠ ᠦᠷᠨᠢᠭᠦᠯᠬᠦ ᠶᠢ ᠳᠤᠷᠠᠳᠪᠠ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠷᠥ ᠶᠢᠨ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠵᠤᠷᠭᠠᠨ ᠤ | ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠴᠠᠩ ᠪᠦᠦ ᠲᠠᠨᠢᠯᠴᠠᠭᠤᠯᠬᠤ ᠳᠤ ᠪᠠᠨ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠪᠠᠨ ᠰᠠᠭᠤᠷᠢᠯᠠᠨ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠭᠤᠣᠯᠳᠠᠭᠤ 4 ᠲᠠᠯ᠎ᠠ ᠪᠠᠷ | ᠥᠷᠭᠡᠳᠬᠡᠨ᠎ᠡ ᠭᠡᠵᠡᠢ᠃ | ᠬᠥᠳᠡᠭᠡ ᠲᠣᠰᠬᠤᠨ ᠤ ᠠᠵᠤ ᠦᠢᠯᠡᠰ ᠤᠨ ᠬᠠᠷᠢᠴᠠᠭᠤᠯᠤᠭᠰᠠᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠳᠡᠮᠵᠢᠯᠭᠡ ᠬᠠᠮᠠᠭᠠᠯᠠᠯᠲᠠ ᠶᠢᠨ ᠳᠦᠷᠢᠮ ᠢ ᠠᠬᠢᠭᠤᠯᠤᠨ ᠲᠡᠭᠦᠯᠳᠡᠷᠵᠢᠭᠦᠯᠵᠦ᠂ ᠠᠮᠤ ᠪᠤᠳᠠᠭ᠎ᠠ | ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠂ ᠲᠠᠷᠢᠶᠠᠴᠢᠳ ᠤᠨ | ᠠᠮᠤ ᠪᠤᠳᠠᠭ᠎ᠠ ᠲᠠᠷᠢᠪᠠᠯ ᠵᠣᠭᠤᠰ ᠣᠯᠵᠤ᠂ ᠢᠯᠡᠭᠦᠦ ᠠᠰᠢᠭ ᠣᠯᠬᠤ ᠶᠢ ᠦᠨᠡᠨ ᠬᠦ ᠪᠠᠲᠤᠯᠠᠨ᠎ᠠ᠃ ᠬᠥᠳᠡᠭᠡ | ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ | ᠂ ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠴᠢᠳ ᠢ ᠲᠠᠶᠢᠴᠢᠯᠠᠨ ᠲᠠᠷᠢᠶᠠᠴᠢᠳ ᠲᠤ ᠠᠰᠢᠭ ᠬᠦᠷᠲᠡᠭᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠬᠥᠳᠡᠭᠡ | ᠲᠣᠰᠬᠤᠨ᠂ ᠲᠠᠷᠢᠶᠠᠴᠢᠳ ᠲᠤ ᠨᠡᠩ ᠢᠯᠡᠭᠦᠦ ᠦᠯᠡᠳᠡᠭᠡᠨ᠎ᠡ᠃ | ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ | ᠣᠯᠭᠤᠯᠲᠠ ᠶᠢᠨ ᠪᠠᠭᠲᠠᠭᠠᠮᠵᠢ ᠪᠠᠷ ᠶᠡᠭᠡ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠲᠤ ᠨᠡᠩ ᠤᠯᠠᠨ ᠳᠡᠷᠭᠡᠳᠡᠬᠢ ᠠᠵᠢᠯ ᠤᠨ ᠵᠠᠪᠰᠢᠶᠠᠨ ᠬᠠᠩᠭᠠᠨ᠎ᠠ᠃ | ᠥᠨᠳᠥᠷ ᠬᠡᠪ ᠴᠢᠨᠠᠷ ᠪᠦᠬᠦᠢ ᠲᠠᠷᠢᠶᠠᠴᠢᠳ ᠢ ᠬᠥᠮᠥᠵᠢᠭᠦᠯᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ | ᠬᠥᠳᠡᠭᠡ ᠲᠣᠰᠬᠤᠨ ᠤ ᠦᠢᠯᠡᠰ ᠪᠤᠰᠬᠠᠬᠤ ᠶᠢ ᠳᠡᠮᠵᠢᠵᠦ᠂ ᠲᠠᠷᠢᠶᠠᠴᠢᠳ ᠤᠨ ᠥᠪᠡᠷ ᠢ ᠪᠠᠨ ᠬᠥᠭᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠤᠳᠤ ᠦᠶ᠎ᠡ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠡᠷᠬᠡ ᠶᠢ | ᠨᠤᠲᠠᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠷᠬᠡ ᠣᠯᠭᠤᠬᠤ ᠶᠢ ᠯᠠᠪᠳᠠᠭᠤᠨ ᠢᠶᠠᠷ | ᠠᠬᠢᠭᠤᠯᠵᠤ᠂ ᠡᠷᠬᠡ ᠶᠢ ᠠᠮᠢᠳᠤᠯᠢᠭᠵᠢᠭᠤᠯᠬᠤ ᠶᠢ ᠡᠮᠬᠢ ᠵᠢᠷᠤᠮ ᠲᠠᠢ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ | ᠭᠠᠵᠠᠷ ᠰᠢᠷᠣᠢ ᠶᠢᠨ ᠳᠦᠷᠢᠮ ᠪᠠ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠵᠢᠷᠤᠮᠵᠢᠭᠰᠠᠨ ᠪᠠᠶᠢᠭᠤᠯᠤᠯᠲᠠ ᠶᠢ | ᠠᠬᠢᠭᠤᠯᠵᠤ᠂ ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ | ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠰᠢᠭᠤᠯᠤᠨ ᠬᠠᠪᠰᠤᠷᠤᠨ ᠲᠡᠳᠬᠦᠬᠦ ᠠᠵᠢᠯ ᠢ | ᠴᠢᠩᠭᠠᠳᠬᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ | ᠲᠣᠭᠲᠠᠴᠠ ᠶᠢ ᠰᠠᠶᠢᠲᠤᠷ ᠠᠵᠢᠯᠯᠠᠭᠤᠯᠵᠤ᠂ ᠬᠢᠨᠠᠨ ᠰᠢᠨᠵᠢᠯᠲᠡ ᠶᠢ ᠴᠠᠭ ᠲᠤᠬᠠᠢ ᠳᠤ ᠨᠢ ᠪᠣᠳᠠᠲᠠᠶᠢᠵᠢᠭᠤᠯᠵᠤ᠂ | ᠬᠠᠪᠰᠤᠷᠤᠨ ᠲᠡᠳᠬᠦᠬᠦ ᠶᠢ ᠨᠠᠷᠢᠯᠢᠭ ᠣᠨᠣᠴᠠᠲᠠᠢ ᠪᠣᠳᠠᠲᠠᠶᠢᠵᠢᠭᠤᠯᠤᠨ᠎ᠠ᠃ ᠬᠠᠪᠰᠤᠷᠤᠨ ᠲᠡᠳᠬᠦᠬᠦ ᠠᠵᠤ | ᠦᠢᠯᠡᠰ ᠤᠨ ᠬᠥᠭᠵᠢᠯᠲᠡ ᠶᠢ ᠲᠦᠷᠦᠯ ᠬᠤᠪᠢᠶᠠᠨ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ | ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ | ᠬᠥᠳᠡᠯᠮᠦᠷᠢ ᠬᠦᠴᠦᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ | ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ ᠬᠠᠪᠰᠤᠷᠤᠨ ᠲᠡᠳᠬᠦᠬᠦ | ᠦᠢᠯᠡᠳᠪᠦᠷᠢ ᠶᠢᠨ ᠲᠠᠰᠤᠭ ᠢ ᠰᠠᠶᠢᠲᠤᠷ ᠠᠰᠢᠭᠯᠠᠵᠤ᠂ ᠠᠵᠢᠯ ᠣᠯᠭᠤᠬᠤ ᠪᠠᠷ ᠲᠡᠳᠬᠦᠬᠦ ᠶᠢ ᠣᠷᠣᠯᠠᠭᠤᠯᠬᠤ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠡᠪᠴᠢᠶᠡᠲᠦ ᠴᠢᠨᠠᠷᠲᠠᠢ ᠳᠠᠬᠢᠨ | ᠶᠠᠳᠠᠭᠤᠷᠠᠬᠤ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ | ᠬᠠᠮᠲᠤᠷᠠᠨ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ ᠤ | ᠪᠠᠶᠢᠩᠭᠤᠰᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠰᠤᠳᠤᠯᠤᠨ ᠰᠦᠪᠡᠭᠴᠢᠯᠡᠵᠦ᠂ ᠲᠡᠭᠦᠨ ᠤ | ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ | ︽ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ | ᠭᠤᠣᠯ ᠡᠭᠦᠷᠭᠡ ᠮᠥᠨ ᠪᠣᠯᠬᠤᠷ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ | ᠵᠣᠬᠢᠴᠠᠯᠳᠤᠭᠤᠯᠤᠨ ᠠᠬᠢᠭᠤᠯᠬᠤ ᠬᠡᠷᠡᠭᠲᠡᠢ᠂ ᠠᠵᠤ ᠦᠢᠯᠡᠰ ᠢᠶᠠᠷ ᠳᠠᠶᠢᠴᠢᠯᠠᠬᠤ᠂ ᠠᠵᠢᠯ ᠣᠯᠭᠤᠯᠲᠠ ᠪᠠᠷ | ᠳᠠᠶᠢᠴᠢᠯᠠᠬᠤ᠂ ᠥᠭᠡᠷᠡᠴᠢᠯᠡᠯᠲᠡ ᠪᠠᠷ ᠠᠬᠢᠭᠤᠯᠬᠤ ᠪᠠᠷ ᠳᠠᠮᠵᠢᠭᠤᠯᠤᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠲᠠᠷᠢᠶᠠᠴᠢᠳ ᠲᠤ ᠬᠥᠷᠲᠡᠭᠡᠬᠦ ᠬᠡᠷᠡᠭᠲᠡᠢ᠃︾ ᠭᠡᠵᠦ ᠵᠤᠤ | ᠴᠠᠩ ᠪᠦᠦ ᠬᠡᠯᠡᠪᠡ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | |