| ᠤᠶᠢᠷ᠎ᠠ ᠶᠢᠨ ᠡᠳᠦᠷ᠂ ᠨᠢᠩᠴᠧᠩ ᠱᠢᠶᠠᠨ ᠤ ᠳ᠋ᠣᠣ ᠱᠢᠦᠢ ᠭᠧᠦ ᠦᠵᠡᠮᠵᠢ ᠶᠢᠨ ᠣᠷᠣᠨ ᠤ ᠡᠭᠦᠳᠡᠨ ᠠᠴᠠ᠂ | ᠲᠦᠮᠡᠨ ᠬᠥᠮᠦᠨ ᠶᠠᠪᠠᠭᠠᠨ ᠠᠯᠬᠤᠬᠤ ᠠᠶᠠᠯᠠᠯ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠤ ᠵᠢᠭᠤᠯᠴᠢᠯᠠᠯ ᠳᠤ | ᠨᠡᠶᠢᠲᠡ ᠠᠷᠪᠠᠨ ᠬᠤᠷᠠᠯ ᠤᠨ ᠲᠠᠯᠠᠪᠠᠶ ᠭᠠᠷᠭᠠᠵᠤ᠂ ᠭᠤᠤᠯ ᠬᠤᠷᠠᠯ ᠤᠨ ᠲᠠᠯᠠᠪᠠᠶ ᠶᠢ ᠳ᠋ᠤᠤ ᠰᠢᠤᠢ ᠭᠸᠤ ᠶᠢᠨ | ᠦᠵᠡᠮᠵᠢ ᠶᠢᠨ ᠣᠷᠣᠨ ᠳᠤ ᠪᠠᠶᠢᠷᠢᠯᠠᠭᠤᠯᠵᠤ᠂ ᠶᠢᠰᠦᠨ ᠬᠤᠪᠢᠶᠠᠷᠢ ᠬᠤᠷᠠᠯ ᠤᠨ ᠲᠠᠯᠠᠪᠠᠶ ᠨᠢ ᠲᠤᠰᠪᠤᠷᠢ ᠲᠤᠤᠷ᠎ᠠ | ᠬᠤᠷᠤᠭ᠎ᠠ ᠪᠠᠯᠭᠠᠰᠤ᠂ ᠮᠠᠷᠠᠳᠤ ᠪᠠᠯᠭᠠᠰᠤ᠂ ᠭᠤᠷᠪᠠᠨ ᠣᠪᠣᠭ᠎ᠠ ᠪᠠᠯᠭᠠᠰᠤ᠂ ᠰᠣᠩᠭᠢᠨ᠎ᠠ ᠶᠢᠨ ᠭᠤᠤ ᠰᠢᠶᠠᠩ᠂ | ᠪᠠᠷᠬᠠᠨ ᠪᠠᠯᠭᠠᠰᠤ᠂ ᠪᠢᠰᠡᠷ ᠪᠠᠯᠭᠠᠰᠤ᠂ ᠤᠬᠤᠷᠢ ᠪᠠᠯᠭᠠᠰᠦ᠂ ᠬᠠᠷᠠᠬᠤᠲᠠ ᠪᠠᠯᠭᠠᠰᠤ᠂ ᠷᠠᠰᠢᠶᠠᠨ ᠵᠡᠭᠡᠯᠢ | ᠭᠤᠳᠤᠮᠵᠢ ᠳᠤ ᠪᠠᠶᠢᠷᠢᠯᠠᠭᠤᠯᠵᠤ᠂ ᠥᠷᠭᠡᠨ ᠣᠯᠠᠨ ᠵᠢᠭᠤᠯᠴᠢᠳ ᠶᠠᠪᠠᠭᠠᠨ ᠵᠶ᠋ᠠᠷᠣᠷᠣᠨ ᠨᠤᠲᠤᠭ ᠤᠨ ᠰᠣᠶᠣᠯ ᠪᠠ | ᠨᠢᠩᠴᠧᠩ ᠤᠨ ᠠᠭᠤᠯᠠ ᠤᠰᠤᠨ ᠤ ᠥᠩᠭᠡ ᠦᠵᠡᠮᠵᠢ ᠶᠢ ᠰᠤᠨᠢᠷᠬᠠᠨ᠎ᠠ᠃ ᠲᠣᠰ ᠤᠳᠠᠭᠠᠨ ᠤ ︽ᠶᠠᠪᠠᠭᠠᠨ ᠢᠶᠠᠷ | ᠬᠠᠪᠤᠷ ᠤᠨ ᠦᠵᠡᠮᠵᠢ ᠶᠢ ᠰᠣᠨᠢᠷᠬᠠᠵᠤ᠂ ᠰᠠᠶᠢᠨ ᠰᠠᠶᠢᠬᠠᠨ ᠴᠠᠭ ᠢ ᠬᠠᠮᠲᠤ ᠪᠠᠷ ᠥᠩᠭᠡᠷᠡᠭᠡᠬᠦ︾ ᠲᠦᠮᠡᠨ ᠬᠥᠮᠦᠨ | ᠢᠳᠡᠷᠡᠭᠦᠨ ᠠᠯᠬᠤᠭ᠎ᠠ ᠪᠠᠷ ᠤᠷᠤᠯᠳᠤᠭᠠᠨ ᠢᠶᠠᠷ ᠠᠴᠢᠶᠠᠯᠠᠪᠤᠷᠢ ᠪᠣᠯᠭᠠᠵᠤ᠂ ᠵᠢᠭᠤᠯᠴᠢᠯᠠᠭᠴᠢᠳ ᠪᠠ | ᠤᠷᠤᠯᠳᠤᠭᠠᠨ ᠳᠤ ᠣᠷᠣᠯᠴᠠᠭᠰᠠᠳ ᠲᠤ ᠨᠢᠩᠴᠧᠩ ᠤᠨ ᠠᠭᠤᠯᠠ ᠤᠰᠤ ᠰᠣᠶᠣᠯ ᠢᠷᠭᠡᠨᠰᠢᠯ ᠤᠨ ᠭᠤᠸ᠎ᠠ | ᠰᠠᠶᠢᠬᠠᠨ ᠢ ᠣᠶᠢᠯᠠᠭᠠᠭᠤᠯᠵᠤ᠂ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠤᠯᠠᠮ ᠨᠢᠭᠡ ᠠᠯᠬᠤᠮ ᠪᠣᠶ ᠪᠣᠯᠭᠠᠪᠠ᠃ | ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠤᠷᠤᠯᠳᠤᠭᠠᠨ ᠢᠶᠠᠷ ᠵᠢᠭᠤᠯᠴᠢᠯᠠᠯ ᠢ ᠠᠬᠢᠭᠤᠯᠬᠤ᠂ | ᠵᠢᠭᠤᠯᠴᠢᠯᠠᠯ ᠢᠶᠠᠷ ᠰᠣᠶᠣᠯ ᠢ ᠳᠠᠶᠢᠴᠢᠯᠠᠬᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠬᠠᠮᠲᠤ ᠪᠠᠷ ᠬᠥᠭᠵᠢᠭᠦᠯᠬᠦ | ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ |