| ᠨᠢᠭᠡ ᠳᠤ᠂ ᠨᠠᠮ ᠤᠨ ᠭᠡᠰᠢᠭᠦᠨ ᠬᠥᠲᠥᠯᠥᠨ ᠳᠠᠭᠠᠭᠤᠯᠵᠤ᠂ ᠤᠯᠠᠨ ᠲᠦᠮᠡᠨ ᠳᠤ ᠬᠡᠪ ᠳᠠᠭᠤᠷᠢᠶᠠᠯ ᠪᠤᠯᠤᠨ᠎ᠠ᠃ | ︽ᠨᠠᠮ ᠤᠨ ᠪᠠᠶᠢᠭᠤᠯᠤᠯᠲᠠ ᠪᠠᠷ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ︾ | ᠠᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ | ᠬᠠᠷᠢᠭᠤᠴᠠᠯᠭ᠎ᠠ ᠶᠢᠨ ᠤᠬᠠᠮᠰᠠᠷ ᠪᠠ ᠬᠤᠰᠢᠭᠤᠴᠢ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠨ᠎ᠠ᠃ | ᠣᠳᠣᠬᠠᠨ ᠳᠤ᠂ ᠪᠠᠯᠭᠠᠰᠤ ᠠᠴᠠ ᠳᠠᠭᠠᠭᠠᠴᠢᠯᠠᠭᠰᠠᠨ ᠲᠣᠰᠬᠤᠨ ᠤ ᠺᠠᠳ᠋ᠷ ᠪᠣᠯᠤᠨ 22 ᠲᠣᠰᠬᠤᠨ ᠤ ᠨᠠᠮ ᠤᠨ | ᠬᠤᠷᠢᠶᠠᠨ ᠤ ᠱᠦᠵᠢ ᠪᠦᠬᠦ ᠲᠣᠰᠬᠤᠨ ᠤ ᠺᠠᠳ᠋ᠷᠴᠤᠳ ᠢ ᠳᠠᠭᠠᠭᠤᠯᠵᠤ᠂ ︽ᠨᠠᠮ ᠤᠨ ᠭᠡᠰᠢᠭᠦᠨ ᠬᠤᠰᠢᠭᠤᠴᠢᠯᠠᠨ | ᠬᠦᠳᠦᠯᠥᠨ ᠳᠠᠭᠠᠭᠤᠯᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠠᠶᠢᠭᠤᠯᠬᠤ︾ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠪᠥᠬᠦ ᠨᠠᠮ ᠤᠨ ᠭᠡᠰᠢᠭᠦᠳ ᠲᠦᠷᠦᠭᠦᠯᠡᠨ ︽ | ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠷ ᠤᠨ ᠡᠮᠦᠨ᠎ᠡ | ᠬᠤᠶᠢᠨᠠᠬᠢ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠪᠠ᠃ ᠨᠠᠮ ᠤᠨ ᠭᠡᠰᠢᠭᠦᠨ ᠲᠦᠷᠦᠭᠦᠯᠡᠨ ᠬᠢᠨᠠᠨ | ᠰᠢᠯᠭᠠᠯᠲᠠ ᠶᠢ ᠬᠦᠯᠢᠶᠡᠵᠦ᠂ ᠲᠣᠰᠬᠤᠨ ᠤ ᠠᠷᠠᠳ ᠤᠨ ᠵᠥᠪᠯᠡᠯ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠪᠦᠬᠦ ᠲᠣᠰᠬᠤᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠵᠤ᠂ ᠠᠰᠠᠭᠤᠳᠠᠯ ᠢ ᠣᠯᠵᠤ | ᠮᠡᠳᠡᠪᠡᠯ ᠢᠯᠡ ᠪᠠᠷ ᠵᠠᠷᠯᠠᠨ ᠮᠡᠳᠡᠭᠳᠡᠪᠡ᠃ | ᠬᠤᠶᠠᠷ ᠲᠤ᠂ ᠤᠯᠠᠨ ᠲᠦᠮᠡᠨ ᠤ ᠤᠬᠠᠮᠰᠠᠷᠲᠤ ᠤᠬᠠᠮᠰᠠᠷ ᠢ ᠪᠤᠢ ᠪᠤᠯᠭᠠᠨ᠎ᠠ᠃ ᠤᠬᠠᠭᠤᠯᠵᠤ ᠬᠥᠲᠥᠯᠥᠨ | ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠤ ᠺᠠᠳ᠋ᠷ ᠬᠡᠰᠡᠭ ᠢ ᠳᠠᠭᠠᠭᠠᠴᠢᠯᠠᠬᠤ᠂ ᠨᠠᠮ ᠤᠨ ᠭᠡᠰᠢᠭᠦᠨ | ᠡᠷᠦᠬᠡ ᠶᠢ ᠳᠠᠭᠠᠭᠠᠴᠢᠯᠠᠬᠤ ᠲᠣᠭᠲᠠᠴᠠ ᠶᠢ ᠠᠪᠴᠤ᠂ ᠡᠷᠦᠬᠡ ᠪᠣᠯᠭᠠᠨ ᠳᠤ ᠬᠦᠷᠲᠡᠯ᠎ᠡ ᠤᠬᠠᠭᠤᠯᠤᠨ | ᠳᠠᠶᠢᠴᠢᠯᠠᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠮᠰᠠᠷ ᠢ ᠨᠢ ᠨᠡᠮᠡᠭᠳᠡᠭᠦᠯᠪᠡ᠃ ᠡᠭᠦᠨ ᠤ ᠬᠠᠮᠲᠤ ᠡᠷᠡᠭᠦᠯ ᠠᠮᠢᠳᠤᠷᠠᠯ ᠤᠨ | ᠠᠷᠭ᠎ᠠ ᠮᠠᠶ᠋ᠢᠭ ᠢᠶᠠᠷ ᠲᠣᠰᠬᠤᠨ ᠤ ᠠᠷᠠᠳ ᠢ ᠬᠠᠪᠰᠤᠷᠤᠨ ᠣᠶᠢᠯᠠᠭᠠᠭᠳᠠᠬᠤᠨ ᠢ ᠨᠢ ᠬᠤᠪᠢᠷᠠᠭᠤᠯᠵᠤ᠂ ᠡᠵᠡᠨ | ᠬᠥᠮᠦᠨ ᠤ ᠦᠵᠡᠯ ᠤᠬᠠᠮᠰᠠᠷ ᠢ ᠤᠬᠠᠮᠰᠠᠷ ᠠᠴᠠ ᠪᠠᠨ ᠪᠤᠢ ᠪᠣᠯᠭᠠᠵᠤ᠂ ᠠᠶᠢᠯ ᠲᠣᠰᠬᠤᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠭᠤᠯᠤᠨ᠎ᠠ᠃ | ᠭᠤᠷᠪᠠ ᠳᠤ᠂ ᠨᠠᠮ ᠪᠠ ᠣᠯᠠᠨ ᠲᠦᠮᠡᠨ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠵᠦ᠂ ᠣᠯᠠᠨ ᠲᠦᠮᠡᠨ ᠤ | ᠬᠠᠮᠲᠤ ᠪᠠᠷ ᠬᠠᠮᠠᠭᠠᠯᠠᠯᠲᠠ ᠶᠢ ᠠᠬᠢᠭᠤᠯᠤᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠲᠣᠭᠲᠠᠴᠠ ᠶᠢᠨ ᠰᠢᠨ᠎ᠡ ᠶᠢ ᠡᠭᠦᠳᠬᠦ ᠳᠤ ᠬᠦᠴᠦ ᠲᠠᠯᠪᠢᠵᠤ᠂ ᠪᠦᠬᠦ ᠲᠣᠰᠬᠤᠨ ᠢᠶᠠᠷ ᠢᠶᠠᠨ ᠨᠠᠮ ᠤᠨ ᠭᠡᠰᠢᠭᠦᠨ | ᠺᠠᠳ᠋ᠷ ᠤᠨ ᠡᠩᠨᠡᠭᠡ ᠪᠠᠷ ᠭᠤᠣᠯ ᠪᠣᠯᠭᠠᠵᠤ᠂ ᠨᠠᠮ ᠤᠨ ᠭᠡᠰᠢᠭᠦᠨ ᠺᠠᠳ᠋ᠷ ᠬᠡᠰᠡᠭ ᠢ ᠳᠠᠭᠠᠭᠠᠴᠢᠯᠠᠬᠤ᠂ ᠨᠠᠮ ᠤᠨ | ᠭᠡᠰᠢᠭᠦᠨ ᠡᠷᠦᠬᠡ ᠶᠢ ᠳᠠᠭᠠᠭᠠᠴᠢᠯᠠᠬᠤ ᠠᠷᠭ᠎ᠠ ᠬᠡᠯᠪᠡᠷᠢ ᠶᠢ ᠠᠪᠴᠤ ᠪᠠᠶᠢᠭᠠᠳ ᠲᠣᠣᠷᠵᠢᠭᠤᠯᠤᠭᠰᠠᠨ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠵᠤ᠂ ᠬᠠᠷᠢᠭᠤᠴᠠᠯᠭ᠎ᠠ ᠶᠢ ᠡᠷᠦᠬᠡ ᠳᠤ ᠬᠦᠷᠲᠡᠯ᠎ᠡ | ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠣᠷᠣᠨ ᠪᠦᠰᠡ ᠶᠢ ᠪᠦᠬᠦᠨ ᠢ ᠪᠦᠷᠬᠦᠬᠦᠯᠬᠦ᠂ ᠪᠠᠯᠠᠢ ᠣᠷᠣᠨ ᠦᠭᠡᠢ᠂ | ᠥᠨᠴᠥᠭ ᠪᠤᠯᠤᠩ ᠦᠭᠡᠢ ᠪᠠᠶᠢᠬᠤ ᠶᠢ ᠪᠠᠲᠤᠯᠠᠨ᠎ᠠ᠃ ᠨᠠᠮ ᠪᠠ ᠣᠯᠠᠨ ᠲᠦᠮᠡᠨ ᠬᠠᠮᠲᠤ ᠪᠠᠷ ᠪᠠᠶᠢᠭᠤᠯᠵᠤ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠳᠠᠮᠵᠢᠭᠤᠯᠤᠨ᠂ ᠲᠣᠰᠬᠤᠨ ᠤ ᠠᠷᠠᠳ ᠢ ︽ᠨᠠᠳᠠ ᠪᠠᠷ ᠬᠢᠯᠭᠡᠬᠦ︾ ᠶᠢ | ︽ᠪᠢ ᠬᠢᠬᠦ︾ ᠪᠣᠯᠭᠠᠨ ᠬᠤᠪᠢᠷᠠᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠵᠢᠴᠢ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠠᠵᠢᠯ ᠢ ᠲᠣᠰᠬᠤᠨ ᠤ ᠲᠦᠷᠢᠮ | ᠠᠷᠠᠳ ᠤᠨ ᠭᠡᠷ᠎ᠡ ᠳᠤ ᠣᠷᠣᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠶᠢ ᠪᠥᠬᠦ | ᠲᠠᠯ᠎ᠠ ᠪᠠᠷ ᠳᠥᠯᠭᠢᠨ ᠠᠬᠢᠭᠤᠯᠵᠤ᠂ ᠦᠵᠡᠰᠬᠦᠯᠡᠩᠲᠦ ᠰᠠᠶᠢᠬᠠᠨ ᠴᠡᠪᠡᠷ ᠴᠡᠮᠴᠡᠭᠡᠷ ᠰᠢᠨ᠎ᠡ ᠬᠥᠳᠡᠭᠡ ᠲᠣᠰᠬᠤᠨ ᠢ | ᠪᠡᠶᠡᠯᠡᠭᠦᠯᠦᠨ᠎ᠡ᠃ |