ᠨᠢᠩᠴᠧᠩ ᠰᠢᠶᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/6/11
    ᠨᠢᠭᠡ ᠲᠠᠯ᠎ᠠ ᠪᠠᠷ ᠵᠠᠰᠠᠭ ᠤᠨ ᠣᠷᠳᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡ ᠯᠠᠪᠳᠠᠭᠤᠨ ᠪᠠᠲᠤᠲᠠᠢ ᠬᠦᠴᠦᠨ ᠲᠠᠢ ᠪᠣᠯᠪᠠ᠃ ᠣᠨᠴᠠ ᠬᠦᠴᠢᠷᠳᠡᠯᠲᠡᠶ ᠨᠠᠰᠤᠲᠠᠶᠢᠴᠤᠳ ᠢ ᠠᠰᠠᠷᠠᠨ ᠲᠡᠵᠢᠭᠡᠬᠦ ᠲᠠᠯ᠎ᠠ ᠪᠠᠷ᠂ ᠦᠨᠳᠦᠰᠦᠨ ᠠᠮᠢᠳᠤᠷᠠᠯ ᠤᠨ ᠨᠦᠬᠦᠪᠦᠷᠢ ᠶᠢ ᠬᠤᠲᠠ ᠶᠢᠨ ᠣᠨᠴᠠ ᠬᠦᠴᠢᠷᠳᠡᠯᠲᠡᠶ ᠬᠥᠮᠦᠨ ᠪᠦᠷᠢ ᠰᠠᠷ᠎ᠠ ᠳᠤ 1038 ᠲᠥᠭᠦᠷᠢᠭ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠬᠥᠮᠦᠨ ᠪᠦᠷᠢ ᠰᠠᠷ᠎ᠠ ᠳᠤ 750 ᠲᠥᠭᠦᠷᠢᠭ  ᠬᠡᠷᠡᠭᠵᠢᠭᠦᠯᠵᠦ᠂ ᠰᠤᠪᠢᠯᠠᠯᠲᠠ ᠶᠢᠨ ᠨᠥᠬᠦᠪᠥᠷᠢ ᠶᠢ ᠪᠦᠬᠦᠯᠢ ᠰᠤᠪᠢᠯᠠᠯᠲᠠ 1244 ᠲᠥᠭᠦᠷᠢᠭ / ᠬᠥᠮᠦᠨ / ᠰᠠᠷ᠎ᠠ᠂ ᠬᠠᠭᠠᠰ ᠰᠤᠪᠢᠯᠠᠯᠲᠠ 479 ᠲᠥᠭᠦᠷᠢᠭ / ᠬᠥᠮᠦᠨ / ᠰᠠᠷ᠎ᠠ ᠶᠢᠨ ᠪᠠᠷᠢᠮᠵᠢᠶ᠎ᠠ ᠪᠠᠷ ᠬᠡᠷᠡᠭᠵᠢᠭᠦᠯᠵᠦ᠂ 2021 ᠣᠨ ᠤ 1 - 3 ᠰᠠᠷ᠎ᠠ ᠳᠤ ᠣᠨᠴᠠ ᠬᠦᠴᠢᠷᠳᠡᠯᠲᠡᠶ ᠠᠮᠢᠳᠤᠷᠠᠯ ᠤᠨ ᠨᠥᠬᠦᠪᠥᠷᠢ ᠪᠠ ᠰᠤᠪᠢᠯᠠᠯᠲᠠ ᠶᠢᠨ ᠨᠥᠬᠦᠪᠥᠷᠢ ᠶᠢᠨ ᠪᠠᠯᠠ ᠮᠥᠩᠭᠦ 1196.20 ᠲᠦᠮᠡᠨ ᠲᠥᠭᠦᠷᠢᠭ᠂ ᠨᠢᠭᠡ ᠯᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ 20.65 ᠲᠦᠮᠡᠨ ᠲᠥᠭᠦᠷᠢᠭ ᠣᠯᠭᠤᠪᠠ᠃ ᠠᠵᠤ ᠠᠬᠤᠢ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠦᠢᠯᠡᠴᠢᠯᠡᠭᠡᠨ ᠤ ᠨᠥᠬᠦᠪᠥᠷᠢ ᠶᠢᠨ ᠲᠠᠯ᠎ᠠ ᠪᠠᠷ᠂ 2024 ᠣᠨ ᠤ 1 - 3 ᠰᠠᠷ᠎ᠠ ᠳᠤ ᠨᠡᠶᠢᠲᠡ 235.55 ᠲᠦᠮᠡᠨ ᠲᠥᠭᠦᠷᠢᠭ ᠲᠠᠷᠬᠠᠭᠠᠵᠤ᠂ 15776 ᠨᠠᠰᠤᠲᠠᠶᠢᠴᠤᠳ ᠲᠤ ᠠᠰᠢᠭ ᠬᠦᠷᠲᠡᠭᠡᠪᠡ᠃ ᠥᠨᠳᠥᠷ ᠨᠠᠰᠤᠨ ᠤ ᠨᠡᠮᠡᠭᠦᠷᠢ ᠶᠢᠨ ᠲᠠᠯ᠎ᠠ ᠪᠠᠷ᠂ 2024 ᠣᠨ ᠤ 1 - 3 ᠰᠠᠷ᠎ᠠ ᠳᠤ ᠨᠡᠶᠢᠲᠡ 336.44 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠵᠤ᠂ 11239 ᠨᠠᠰᠤᠲᠠᠶᠢᠴᠤᠳ ᠲᠤ ᠠᠰᠢᠭ ᠬᠦᠷᠲᠡᠭᠡᠪᠡ᠃    ᠨᠥᠭᠦᠭᠡ ᠲᠠᠯ᠎ᠠ ᠪᠠᠷ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠠᠬᠢᠭᠤᠯᠪᠠ᠃ 2024 ᠣᠨ ᠳᠤ ᠵᠢᠱᠢᠯᠲᠡ ᠪᠠᠷ 37 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 300 ᠡᠷᠦᠬᠡ ᠣᠨᠴᠠᠭᠠᠶ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠳᠤ ᠨᠠᠰᠤᠵᠢᠯ ᠤᠨ ᠠᠰᠠᠷᠠᠮᠵᠢ ᠳᠤ ᠵᠣᠬᠢᠴᠠᠬᠤ ᠥᠭᠡᠷᠡᠴᠢᠯᠡᠯᠲᠡ ᠬᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号