| ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠶᠠᠩᠵᠤ ᠶᠢᠨ᠂ ᠣᠯᠠᠨ ᠳᠡᠰ | ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠨᠢᠩᠴᠧᠩ ᠰᠢᠶᠠᠨ | ᠪᠣᠳᠠᠲᠤ ᠪᠠᠶᠢᠳᠠᠯ ᠢ ᠪᠣᠳᠣᠯᠬᠢᠯᠠᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠢᠳᠡᠪᠬᠢᠲᠡᠢ | ᠰᠦᠪᠡᠭᠴᠢᠯᠡᠵᠦ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠢ ᠪᠦᠬᠦ | ᠬᠦᠴᠦᠨ ᠢᠶᠠᠷ ᠢᠶᠠᠨ ᠪᠠᠲᠤᠯᠠᠨ᠎ᠠ᠃ | ᠨᠢᠭᠡ ᠳᠤ᠂ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠬᠦᠴᠦᠯᠡᠨ | ᠨᠥᠬᠦᠪᠥᠷᠢᠯᠡᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠲᠦᠷᠭᠡᠳᠬᠡᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠭᠠᠵᠤ᠂ | ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠳᠡᠮᠵᠢᠨ᠂ 2024 ᠣᠨ ᠳᠤ ᠰᠢᠶᠠᠩ ᠪᠠᠯᠭᠠᠰᠤᠨ ᠤ | ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ 5 ︵1 ᠵᠢᠱᠢᠶ᠎ᠡ ᠦᠵᠡᠭᠦᠯᠬᠦ ᠴᠢᠨᠠᠷᠲᠠᠶ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠᠭᠲᠠᠨ᠎ᠠ︶᠂ ᠲᠣᠰᠬᠤᠨ ᠤ ᠱᠠᠲᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 69 ᠪᠣᠶ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠡᠯᠡᠳᠬᠡᠮᠵᠢ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠠᠷᠠᠳ ᠤᠨ ᠶᠠᠪᠤᠳᠠᠯ ᠤᠨ ᠲᠣᠪᠴᠢᠶ᠎ᠠ ᠳᠤ ᠰᠢᠯᠵᠢᠭᠦᠯᠦᠨ ᠲᠤᠰᠢᠶᠠᠭᠰᠠᠨ ᠰᠢᠨ᠎ᠡ ᠪᠠᠷ | ᠪᠠᠶᠢᠭᠤᠯᠤᠭᠰᠠᠨ 4 ᠵᠢᠵᠢᠭ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷ | ᠪᠠᠶᠢᠰᠢᠩ ᠢ ᠠᠰᠢᠭᠯᠠᠨ᠂ 2024 ᠣᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠢᠯᠡᠴᠢᠯᠡᠭᠡ ᠶᠢ ᠨᠡᠶᠢᠳᠡᠮ | ᠪᠦᠷᠬᠦᠭᠦᠯᠬᠦ ᠶᠢ ᠪᠡᠶᠡᠯᠡᠭᠦᠯᠦᠨ᠎ᠡ᠃ ᠨᠠᠰᠤᠲᠠᠳ ᠳᠤ ᠲᠣᠬᠢᠷᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠦᠨ᠎ᠡ | ᠃ 2024 ᠣᠨ ᠤ ᠣᠨᠴᠠᠭᠠᠶ ᠬᠦᠴᠢᠷᠳᠡᠯᠲᠡᠶ ᠨᠠᠰᠤᠲᠠᠶᠢᠴᠤᠳ ᠤᠨ ᠬᠡᠷ ᠲᠡᠭᠡᠨ ᠰᠠᠭᠤᠵᠤ ᠨᠠᠰᠤᠵᠢᠬᠤ ᠳᠤ | ᠳᠣᠭᠢᠷᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠠᠬᠢᠭᠤᠯᠵᠤ᠂ ᠲᠠᠷᠠᠬᠠᠶ ᠪᠤᠲᠠᠷᠬᠠᠶ ᠠᠰᠠᠷᠠᠨ ᠲᠡᠵᠢᠭᠡᠬᠦ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠭᠰᠠᠨ ᠣᠨᠴᠠ ᠬᠦᠴᠢᠷᠳᠡᠯᠲᠡᠶ᠂ ᠬᠦᠳᠡᠯᠮᠤᠷᠢᠯᠡᠬᠦ | ᠴᠢᠳᠠᠪᠤᠷᠢ ᠪᠠᠨ ᠠᠯᠳᠠᠭᠰᠠᠨ᠂ ᠵᠡᠮᠳᠡᠭ ᠨᠠᠰᠤᠲᠠᠶᠢᠴᠤᠳ ᠤᠨ ᠬᠡᠷ ᠪᠦᠯᠢ ᠳᠤ ᠬᠡᠷ ᠲᠡᠭᠡᠨ ᠰᠠᠭᠤᠵᠤ ᠨᠠᠰᠤᠵᠢᠬᠤ ᠳᠤ | ᠳᠣᠭᠢᠷᠠᠬᠤ ᠥᠭᠡᠷᠡᠴᠢᠯᠡᠯᠲᠡ ᠶᠢ ᠡᠩ ᠲᠡᠷᠢᠭᠦᠨ ᠳᠤ ᠬᠡᠷᠡᠭᠵᠢᠭᠦᠯᠵᠦ᠂ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ | ᠬᠡᠷᠡᠭᠵᠢᠭᠦᠯᠬᠦ︾ ᠠᠷᠭ᠎ᠠ ᠬᠡᠯᠪᠡᠷᠢ ᠶᠢᠨ ᠶᠣᠰᠣᠭᠠᠷ᠂ 200 ᠣᠨᠴᠠ ᠬᠦᠴᠢᠷᠳᠡᠯᠲᠡᠶ ᠨᠠᠰᠤᠲᠠᠶᠢᠴᠤᠳ ᠤᠨ ᠬᠡᠷ | ᠪᠦᠯᠢ ᠶᠢᠨ ᠨᠠᠰᠤᠵᠢᠬᠤ ᠳᠤ ᠳᠣᠭᠢᠷᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ | ᠬᠤᠶᠠᠷ ᠲᠤ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ | ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠨᠢᠭᠡ ᠪᠦᠯᠦᠭ ᠪᠠᠷᠢᠮᠵᠢᠶᠠᠵᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠡᠪ ᠳᠠᠭᠤᠷᠢᠶᠠᠯ ᠤᠨ ᠪᠠᠶᠢᠭᠤᠯᠤᠮᠵᠢ ᠶᠢ ᠪᠤᠶᠢᠵᠢᠭᠤᠯᠵᠤ᠂ ᠨᠢᠭᠡ ᠪᠦᠯᠦᠭ ᠬᠠᠭᠤᠯᠪᠤᠷᠢᠯᠠᠵᠤ | ᠪᠣᠯᠬᠤ᠂ ᠳᠡᠯᠭᠡᠷᠡᠭᠦᠯᠵᠦ ᠪᠣᠯᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠡᠷᠡᠴᠢᠯᠡᠯ ᠤᠨ ᠦᠷ᠎ᠡ | ᠪᠦᠲᠦᠭᠡᠯ ᠢ ᠪᠣᠶ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠡᠷᠡᠴᠢᠯᠡᠯ ᠤᠨ ︽ᠨᠢᠩᠴᠧᠩ ᠤᠨ | ᠥᠯᠢᠭᠡᠷ ᠳᠠᠭᠤᠷᠢᠶᠠᠯ︾ ᠢ ᠪᠣᠶ ᠪᠣᠯᠭᠠᠨ᠎ᠠ᠃ ᠮᠡᠷᠭᠡᠵᠢᠯ ᠤᠨ ᠴᠢᠳᠠᠪᠤᠷᠢ ᠶᠢᠨ ᠪᠠᠲᠤᠯᠠᠭ᠎ᠠ ᠶᠢ ᠭᠤᠣᠯᠳᠠᠯᠭ᠎ᠠ ᠲᠠᠢ | ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠬᠦ ᠪᠠ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠬᠦ ︽ᠬᠠᠲᠠᠭᠤ ᠲᠥᠬᠦᠭᠡᠷᠦᠮᠵᠢ︾ ᠪᠠ ︽ᠵᠥᠭᠡᠯᠡᠨ | ᠦᠢᠯᠡᠴᠢᠯᠡᠭᠡ︾ ᠶᠢ ᠦᠷᠭᠦᠯᠵᠢᠯᠡᠨ ᠰᠢᠯᠢᠳᠡᠭᠵᠢᠭᠦᠯᠬᠦ ᠳᠤ ᠪᠠᠲᠤᠯᠠᠭ᠎ᠠ ᠬᠠᠩᠭᠠᠵᠤ᠂ ᠣᠳᠣᠬᠠᠨ ᠳᠤ ᠰᠢᠶᠠᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠠᠩᠬ᠎ᠠ ᠠᠯᠬᠤᠮ ᠤᠨ | ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠵᠤ᠂ ᠵᠢᠯ ᠤᠨ ᠳᠣᠲᠣᠷ᠎ᠠ ᠨᠠᠰᠤᠵᠢᠯ ᠤᠨ ᠠᠰᠠᠷᠠᠮᠵᠢ ᠶᠢᠨ | ᠠᠰᠠᠷᠠᠭᠴᠢ ᠶᠢ 127 ᠬᠥᠮᠥᠨ ᠤᠳᠠᠭ᠎ᠠ ᠵᠣᠬᠢᠶᠠᠨ ᠪᠠᠶᠢᠭᠤᠯᠤᠨ ᠪᠤᠯᠪᠠᠰᠤᠷᠠᠭᠤᠯᠤᠨ᠎ᠠ᠃ ᠭᠡᠷ ᠲᠡᠭᠡᠨ | ᠬᠤᠴᠣᠷᠤᠭᠰᠠᠨ᠂ ᠥᠨᠥᠴᠢᠨ ᠪᠡᠯᠪᠡᠰᠦᠨ ᠵᠡᠷᠭᠡ ᠨᠠᠰᠤᠲᠠᠶᠢᠴᠤᠳ ᠤᠨ ᠬᠠᠶᠢᠷ᠎ᠠ ᠬᠠᠯᠠᠮᠵᠢ ᠶᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠬᠠᠯᠠᠮᠵᠢᠯᠠᠨ ᠬᠠᠶᠢᠷᠠᠯᠠᠵᠤ ᠰᠤᠷᠪᠤᠯᠵᠢᠯᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ᠨᠠᠰᠤᠲᠠᠶᠢᠴᠤᠳ ᠤᠨ ᠪᠣᠳᠠᠲᠠᠢ ᠬᠡᠷᠡᠭᠴᠡᠭᠡ ᠠᠴᠠ ᠡᠭᠦᠰᠴᠦ᠂ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠬᠠᠯᠠᠮᠵᠢᠯᠠᠵᠤ᠂ ᠨᠠᠰᠤᠲᠠᠶᠢᠴᠤᠳ ᠤᠨ ᠬᠦᠴᠢᠷ ᠵᠣᠪᠠᠭᠤᠷᠢ ᠶᠢ ᠪᠦᠲᠦᠮᠵᠢᠲᠡᠢ ᠰᠢᠢᠳᠪᠦᠷᠢᠯᠡᠨ᠂ | ᠨᠠᠰᠤᠲᠠᠨ ᠢᠶᠠᠨ ᠬᠦᠨᠳᠦᠯᠡᠵᠦ ᠲᠦᠷᠦᠯ ᠰᠠᠳᠤᠨ ᠢᠶᠠᠨ ᠠᠴᠢᠯᠠᠬᠤ ᠠᠭᠤᠷ ᠠᠮᠢᠰᠬᠤᠯ ᠢ ᠪᠤᠢ ᠪᠣᠯᠭᠠᠬᠤ ᠶᠢ | ᠴᠢᠩᠭᠠᠳᠬᠠᠨ᠎ᠠ᠃ | ᠭᠤᠷᠪᠠ ᠳᠤ᠂ ᠨᠠᠰᠤᠵᠢᠯ ᠤᠨ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠃ | ︽ᠨᠠᠰᠣᠵᠢᠯ ᠤᠨ ᠪᠠᠢᠭᠤᠯᠥᠮᠵᠢ ᠶᠢᠨ ᠦᠢᠯᠡᠴᠢᠯᠡᠬᠡᠨ ᠤ ᠠᠮᠥᠷ ᠳᠥᠪᠰᠢᠨ ᠤ ᠦᠨᠳᠣᠰᠣᠡ ᠵᠢᠷᠦᠮᠵᠢᠯ︾ ᠤᠨ | ᠣᠯᠥᠰ ᠤᠨ ᠠᠯᠪᠠᠳᠡᠯᠭᠠ ᠶᠢᠨ ᠴᠢᠨᠡᠷᠳᠡᠢ ᠪᠡᠷᠢᠮᠵᠢᠶ᠎ᠠ ᠶᠢ ᠦᠷᠬᠦᠯᠵᠢᠯᠡᠨ ᠨᠡᠢᠳᠡᠪᠦᠷᠢᠵᠢᠭᠤᠯᠵᠦ᠂ ᠠᠮᠥᠷ ᠳᠥᠪᠰᠢᠨ ᠤ | ᠭᠡᠮ ᠰᠣᠭᠤᠭ ᠢ ᠵᠢᠠᠠᠰᠠᠭᠠᠨ ᠪᠠᠢᠴᠠᠭᠠᠵᠦ᠂ ᠭᠡᠮ ᠰᠣᠭᠤᠭ ᠢ ︽ᠡᠷᠲᠡ ᠢᠯᠡᠷᠡᠬᠦᠯᠬᠦ᠂ ᠡᠷᠲᠡ ᠮᠡᠳᠡᠬᠦᠯᠬᠦ᠂ ᠡᠷᠲᠡ | ᠰᠢᠢᠳᠪᠦᠷᠢᠯᠡᠬᠦ︾ ᠶᠢ ᠴᠢᠷᠮᠡᠶᠢᠨ ᠬᠦᠢᠴᠡᠳᠭᠡᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠴᠢᠩᠭᠠᠳᠬᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠮᠡᠬᠡᠯᠡᠯ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠤᠯᠢ ᠪᠤᠰᠤ ᠪᠠᠷ ᠪᠠᠯᠠ | ᠴᠤᠭᠯᠠᠭᠤᠯᠬᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ | ᠰᠦᠢᠳᠭᠡᠯ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠨ᠎ᠠ᠃ |