| ᠨᠢᠭᠡ ᠳᠤ᠂ ᠬᠤᠳᠠᠯ ᠬᠠᠭᠤᠷᠮᠠᠭ ᠵᠠᠷᠭᠤ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠥᠷᠨᠢᠭᠦᠯᠪᠡ᠃ | ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠬᠠᠮᠲᠤᠷᠠᠨ ᠰᠡᠷᠭᠡᠶᠢᠯᠡᠬᠦ ᠪᠠ ᠬᠤᠳᠠᠯ ᠬᠠᠭᠤᠷᠮᠠᠭ | ᠵᠠᠷᠭᠤ ᠳᠤ ᠴᠣᠬᠢᠯᠲᠠ ᠥᠭᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠮᠲᠤᠷᠠᠭᠰᠠᠨ ᠬᠤᠷᠠᠯ ᠤᠨ ᠳᠦᠷᠢᠮ᠂ | ᠮᠡᠳᠡᠭᠡ ᠵᠠᠩᠭᠢ ᠶᠢ ᠬᠤᠷᠢᠶᠠᠩᠭᠤᠶᠢᠯᠠᠨ ᠮᠡᠳᠡᠭᠡᠯᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠬᠠᠤᠯᠢᠴᠢ ᠶᠢᠨ | ᠠᠵᠢᠯ ᠲᠦᠷᠦᠯ ᠤᠨ ᠬᠤᠳᠠᠯ ᠬᠠᠭᠤᠷᠮᠠᠭ ᠵᠠᠷᠭᠤ ᠡᠭᠦᠰᠬᠦ ᠦᠭᠡᠢ ᠪᠠᠶᠢᠬᠤ ᠶᠢ ᠪᠡᠶᠡᠯᠡᠭᠦᠯᠦᠨ᠎ᠡ᠃ ᠬᠤᠳᠠᠯ ᠬᠠᠭᠤᠷᠮᠠᠭ | ᠵᠠᠷᠭᠤᠯᠳᠤᠭᠠᠨ ᠤ ᠬᠡᠷᠡᠭ ᠲᠤ ᠴᠣᠬᠢᠯᠲᠠ ᠥᠭᠬᠦ ᠶᠢ ᠭᠦᠨᠵᠡᠭᠡᠶᠢᠷᠡᠭᠦᠯᠵᠦ᠂ ᠰᠢᠭᠦᠬᠦ ᠬᠤᠷᠢᠶ᠎ᠠ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠢᠷᠭᠡᠨ ᠤ ᠬᠡᠷᠡᠭ ᠤᠨ ᠬᠤᠳᠠᠯ ᠬᠠᠭᠤᠷᠮᠠᠭ ᠵᠠᠷᠭᠤ ᠶᠢᠨ ᠬᠡᠷᠡᠭ ᠢ ᠨᠡᠶᠢᠲᠡ 4 ᠬᠤᠪᠢ | ᠰᠢᠯᠵᠢᠭᠦᠯᠦᠨ ᠬᠦᠷᠭᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠥᠮ ᠨᠢᠭᠡᠨᠲᠡ ᠬᠡᠷᠡᠭ ᠪᠣᠯᠭᠠᠨ ᠳᠡᠩᠰᠡᠯᠡᠵᠦ | ᠂ ᠶᠠᠭ ᠲᠤᠷᠰᠢᠨ ᠪᠠᠶᠢᠴᠠᠭᠠᠬᠤ ᠱᠠᠲᠤᠨ ᠳᠤ ᠪᠣᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 1 ᠬᠤᠳᠠᠯ | ᠬᠠᠭᠤᠷᠮᠠᠭ ᠵᠠᠷᠭᠤ ᠶᠢ ᠭᠥᠯᠢᠶᠡᠨ ᠠᠪᠴᠤ᠂ ᠣᠲᠣ ᠨᠢᠭᠡᠨᠲᠡ ᠬᠢᠨᠠᠨ ᠪᠠᠶᠢᠴᠠᠭᠠᠵᠤ ᠵᠠᠭᠠᠯᠳᠤᠭᠤᠯᠬᠤ ᠪᠠᠷ ᠰᠢᠯᠵᠢᠭᠦᠯᠪᠡ | ᠃ ᠪᠠᠶᠢᠴᠠᠭᠠᠬᠤ ᠪᠠᠶᠢᠭᠤᠯᠭ᠎ᠠ ︽ᠡᠷᠡᠭᠦᠦ ᠶᠢᠨ ᠬᠡᠷᠡᠭ ᠪᠠ ᠠᠷᠠᠳ ᠬᠠᠮᠵᠢᠯᠴᠠᠨ ᠢᠷᠭᠡᠨ ᠤ ᠬᠡᠷᠡᠭ ᠤᠨ ᠬᠤᠳᠠᠯ | ᠬᠠᠭᠤᠷᠮᠠᠭ ᠵᠠᠷᠭᠤ ᠶᠢᠨ ᠪᠠᠶᠢᠴᠠᠭᠠᠬᠤ ᠬᠢᠨᠠᠯᠲᠠ ᠲᠠᠯᠪᠢᠬᠤ ᠵᠠᠭᠪᠤᠷ︾ ᠢ ᠬᠡᠷᠡᠭᠯᠡᠨ ᠡᠷᠡᠭᠦᠦ ᠶᠢᠨ ᠬᠡᠷᠡᠭ ᠢᠶᠠᠷ | ᠳᠠᠮᠵᠢᠭᠤᠯᠤᠨ ᠠᠵᠤ ᠠᠬᠤᠶᠢᠯᠠᠯ ᠳᠤ ᠬᠤᠯᠪᠣᠭᠳᠠᠭᠰᠠᠨ ᠬᠤᠳᠠᠯ ᠬᠠᠭᠤᠷᠮᠠᠭ ᠬᠢᠨᠠᠯᠲᠠ ᠶᠢᠨ ᠰᠦᠪᠡᠭᠴᠢ ᠶᠢ | ᠢᠯᠡᠷᠡᠭᠦᠯᠵᠦ᠂ ᠬᠤᠳᠠᠯ ᠬᠠᠭᠤᠷᠮᠠᠭ ᠵᠠᠷᠭᠤ ᠶᠢᠨ ᠳᠠᠬᠢᠨ ᠰᠢᠭᠦᠬᠦ ᠪᠠᠶᠢᠴᠠᠭᠠᠬᠤ ᠰᠠᠨᠠᠭᠤᠯᠭ᠎ᠠ 3 ᠬᠤᠪᠢ ᠳᠤᠷᠠᠳᠴᠤ᠂ | ᠬᠡᠷᠡᠭ ᠢ ᠴᠥᠮ ᠰᠢᠢᠳᠪᠦᠷᠢᠯᠡᠬᠦ ᠶᠠᠪᠤᠴᠠ ᠳᠤ ᠪᠠᠶᠢᠨ᠎ᠠ᠃ ᠬᠤᠶᠠᠷ ᠲᠤ᠂ ᠭᠤᠣᠯᠳᠠᠯᠭ᠎ᠠ ᠲᠠᠢ ᠬᠦᠷᠢᠶᠡᠨ ᠤ | ᠭᠦᠢᠴᠡᠳᠬᠡᠬᠦ ᠪᠣᠭᠤᠮᠲᠠ ᠰᠢᠪᠲᠤᠯᠬᠤ ᠶᠢ ᠠᠬᠢᠭᠤᠯᠪᠠ᠃ ᠵᠠᠰᠠᠭ ᠤᠨ ᠣᠷᠳᠣᠨ᠂ ᠠᠵᠤ ᠠᠬᠤᠶᠢᠯᠠᠯ ᠳᠤ | ᠬᠤᠯᠪᠣᠭᠳᠠᠭᠰᠠᠨ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ᠂ ᠮᠥᠩᠭᠦᠨ ᠭᠦᠢᠯᠭᠡᠭᠡᠨ ᠳᠤ ᠬᠤᠯᠪᠣᠭᠳᠠᠭᠰᠠᠨ | ᠬᠡᠷᠡᠭ ᠢ ᠭᠦᠢᠴᠡᠳᠬᠡᠬᠦ ᠲᠤᠰᠬᠠᠶ ᠠᠵᠢᠯᠯᠠᠭ᠎ᠠ ᠶᠢ 3 ᠤᠳᠠᠭ᠎ᠠ ᠥᠷᠨᠢᠭᠦᠯᠵᠦ᠂ ᠮᠥᠩᠭᠦᠨ ᠭᠦᠢᠯᠭᠡᠭᠡ ᠳᠤ | ᠬᠤᠯᠪᠣᠭᠳᠠᠭᠰᠠᠨ ᠲᠤᠰᠬᠠᠶ ᠠᠵᠢᠯᠯᠠᠭ᠎ᠠ ᠶᠢ 4 ᠤᠳᠠᠭ᠎ᠠ ᠥᠷᠨᠢᠭᠦᠯᠵᠦ᠂ 285 ᠬᠤᠪᠢ ᠰᠠᠨᠠᠭᠠᠴᠢᠯᠠᠭ᠎ᠠ ᠠᠴᠠ ᠪᠠᠨ | ᠭᠦᠢᠴᠡᠳᠭᠡᠬᠦ ᠮᠡᠳᠡᠭᠳᠡᠯ ᠤᠨ ᠪᠢᠴᠢᠭ ᠢ ᠬᠦᠷᠭᠡᠵᠦ᠂ 82 ᠬᠡᠷᠡᠭ ᠢ ᠭᠦᠢᠴᠡᠳᠬᠡᠨ ᠳᠠᠭᠤᠰᠬᠠᠵᠤ᠂ 28 ᠬᠥᠮᠦᠨ ᠢ | ᠲᠦᠷ ᠬᠤᠷᠢᠵᠤ᠂ 2869.2209 ᠲᠦᠮᠡᠨ ᠲᠥᠭᠦᠷᠢᠭ ᠤᠨ ᠪᠠᠷᠢᠮᠵᠢᠶ᠎ᠠ ᠶᠢ ᠪᠣᠳᠠᠲᠠᠶᠢᠵᠢᠭᠤᠯᠪᠠ᠃ ᠠᠵᠤ | ᠠᠬᠤᠶᠢᠯᠠᠯ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ ᠢ ᠨᠡᠶᠢᠲᠡ 40 ᠬᠤᠪᠢ ᠰᠢᠯᠵᠢᠭᠦᠯᠦᠨ ᠦᠵᠡᠵᠦ᠂ | ᠪᠠᠶᠢᠴᠠᠭᠠᠬᠤ ᠰᠠᠨᠠᠭᠤᠯᠭ᠎ᠠ ᠶᠢ 5 ᠬᠤᠪᠢ ᠶᠠᠪᠤᠭᠤᠯᠵᠤ᠂ ᠭᠤᠷᠪᠠᠨ ᠬᠡᠷᠡᠭ ᠢ ᠭᠥᠯᠢᠶᠡᠨ ᠠᠪᠴᠠᠶ᠃ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢ ᠴᠡᠪᠡᠷᠯᠡᠨ ᠬᠤᠷᠢᠶᠠᠵᠤ | ᠰᠢᠢᠳᠪᠦᠷᠢᠯᠡᠬᠦ᠂ ᠪᠠᠩᠬᠢ ᠶᠢᠨ ᠥᠷᠢ ᠥᠭᠴᠡᠭᠡ ᠠᠴᠠ ᠵᠠᠶᠢᠯᠠᠬᠤ ᠠᠵᠢᠯ ᠤᠨ ᠠᠬᠢᠴᠠ ᠶᠢ ᠲᠦᠷᠭᠡᠳᠬᠡᠵᠦ᠂ ᠡᠷᠡᠭᠦᠯ | ᠪᠤᠰᠤ ᠡᠳ᠋ ᠬᠥᠷᠥᠩᠭᠡ ᠶᠢ 11431496.6 ᠲᠥᠭᠦᠷᠢᠭ ᠬᠤᠷᠢᠶᠠᠨ ᠠᠪᠤᠪᠠ᠃ ᠭᠤᠷᠪᠠ ᠳᠤ᠂ ᠬᠠᠤᠯᠢᠴᠢ ᠶᠢᠨ | ᠡᠩᠨᠡᠭᠡᠨ ᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ᠃ ᠲᠣᠭᠲᠠᠮᠠᠯ ᠬᠤᠭᠤᠴᠠᠭ᠎ᠠ ᠲᠠᠢ ᠪᠠᠷ ᠬᠠᠷᠢᠶ᠎ᠠ | ᠣᠷᠣᠨ ᠤ ᠳᠣᠲᠣᠷᠠᠬᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠪᠥᠬᠦ ᠬᠠᠤᠯᠢᠴᠢ ᠳᠤ ᠡᠳᠦᠷ ᠲᠤᠲᠤᠮ ᠤᠨ | ᠬᠢᠨᠠᠨ ᠵᠢᠯᠣᠭᠤᠳᠴᠤ ᠪᠠᠶᠢᠴᠠᠭᠠᠯᠲᠠ ᠬᠢᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠂ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶᠠᠷᠤᠯᠲᠠ ᠪᠠ ᠠᠵᠢᠯ ᠡᠷᠭᠢᠯᠡᠬᠦ ᠶᠠᠪᠤᠴᠠ ᠳᠤ ᠣᠷᠣᠰᠢᠵᠤ ᠪᠠᠶᠢᠭ᠎ᠠ | ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤ ᠨᠢ ᠣᠯᠵᠤ ᠮᠡᠳᠡᠬᠦ ᠪᠠ ᠵᠠᠯᠠᠷᠠᠭᠤᠯᠵᠤ᠂ ᠬᠠᠤᠯᠢᠴᠢ ᠶᠢᠨ ᠡᠩᠨᠡᠭᠡᠨ ᠤ | ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠤᠯᠢᠴᠢ ᠶᠢᠨ ᠠᠵᠢᠯ ᠡᠷᠭᠢᠯᠡᠬᠦ ᠠᠵᠢᠯᠯᠠᠭ᠎ᠠ ᠶᠢ | ᠵᠢᠷᠤᠮᠵᠢᠭᠤᠯᠪᠠ᠃ ᠣᠳᠣᠬᠠᠨ ᠳᠤ᠂ ᠰᠤᠷᠪᠤᠯᠵᠢᠯᠠᠭ᠎ᠠ ᠬᠦᠯᠢᠶᠡᠭᠴᠢ ᠶᠢᠨ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠤᠨ ᠦᠢᠯᠡᠴᠢᠯᠡᠭᠡᠨ ᠤ ᠣᠪᠣᠷ᠂ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠰᠦᠢᠳᠬᠡᠯ ᠬᠤᠷᠢᠶᠠᠬᠤ | ᠪᠠᠷᠢᠮᠵᠢᠶ᠎ᠠ ᠵᠡᠷᠭᠡ ᠬᠠᠨᠤᠮᠵᠢ ᠶᠢᠨ ᠨᠤᠷᠮ᠎ᠠ 99% ᠳᠤ ᠬᠦᠷᠴᠡᠢ᠃ |