| 2024 ᠣᠨ ᠤ 6 ᠰᠠᠷ᠎ᠠ ᠶᠢᠨ ᠡᠬᠢ ᠪᠠᠷ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠤᠮᠳᠠᠳᠤ | ᠪᠠᠭ᠎ᠠ ᠰᠤᠷᠭᠠᠭᠤᠯᠢ ᠶᠢᠨ 10 ᠰᠢᠯᠢᠳᠡᠭ ᠲᠠᠮᠢᠷ ᠤᠨ ᠪᠠᠭᠰᠢ ᠶᠢ ᠰᠣᠩᠭᠤᠨ ᠲᠣᠮᠢᠯᠠᠵᠤ ᠤᠯᠠᠭᠠᠨᠬᠠᠳᠠ ᠬᠤᠳᠠ ᠶᠢᠨ | ᠰᠤᠷᠭᠠᠨ ᠬᠥᠮᠦᠵᠢᠯ ᠤᠨ ᠲᠤᠪᠴᠢᠶ᠎ᠠ ᠶᠢᠨ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠪᠠᠭᠰᠢ ᠶᠢᠨ | ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ | ᠠᠵᠢᠯᠯᠠᠭ᠎ᠠ ᠶᠢᠨ ᠳᠤᠮᠳᠠ ᠪᠦᠬᠦ ᠬᠤᠳᠠ ᠶᠢᠨ ᠲᠡᠷᠢᠭᠦᠨ ᠤ ᠰᠠᠶᠢᠨ ᠬᠢᠷᠢ ᠪᠦᠲᠦᠮᠵᠢ ᠶᠢ ᠣᠯᠵᠠᠢ᠃ ᠲᠣᠰ | ᠤᠳᠠᠭᠠᠨ ᠤ ᠤᠷᠤᠯᠳᠤᠭᠠᠨ ᠤ ᠠᠭᠤᠯᠭ᠎ᠠ ᠳᠤ᠄ ᠶᠡᠷᠦᠩᠬᠡᠶᠢᠯᠡᠭᠰᠡᠨ ᠬᠥᠳᠡᠯᠭᠡᠭᠡᠨ ᠤ ᠴᠢᠳᠠᠪᠤᠷᠢ ᠶᠢᠨ ᠰᠢᠯᠭᠠᠯᠲᠠ᠂ | ᠬᠥᠯ ᠪᠥᠮᠪᠦᠭᠡ ᠶᠢᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠬᠢᠭᠡᠳ ᠦᠢᠯᠡᠳᠦᠯᠭᠡ᠂ ᠪᠢᠴᠢᠯ ᠵᠢᠭᠠᠨ | ᠰᠤᠷᠭᠠᠯᠲᠠ᠂ ᠪᠡᠶ᠎ᠡ ᠮᠠᠬᠠᠪᠣᠳ ᠤᠨ ᠲᠣᠬᠢᠷᠠᠭᠤᠯᠤᠯᠲᠠ ᠶᠢᠨ ᠪᠦᠲᠦᠭᠡᠯᠴᠢ ᠰᠡᠳᠬᠢᠮᠵᠢ ᠶᠢᠨ ᠦᠵᠡᠭᠦᠯᠦᠯᠭᠡ᠂ | ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠮᠡᠳᠡᠯᠭᠡ ᠶᠢᠨ ᠪᠢᠷ ᠤᠨ ᠰᠢᠯᠭᠠᠯᠲᠠ ᠵᠡᠷᠭᠡ ᠲᠠᠪᠤᠨ ᠬᠡᠰᠡᠭ ᠪᠠᠭᠲᠠᠨ᠎ᠠ | ᠃ ᠤᠷᠤᠯᠳᠤᠭᠠᠨ ᠤ ᠲᠠᠯᠠᠪᠤᠷ ᠲᠤ ᠮᠠᠨ ᠤ ᠰᠢᠶᠠᠨ ᠤ ᠪᠠᠭᠰᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠤᠷᠤᠯᠳᠤᠭᠠᠨ ᠳᠤ ᠣᠷᠣᠯᠴᠠᠵᠤ᠂ ᠬᠥᠳᠡᠯᠭᠡᠭᠡᠨ ᠨᠢᠭᠡᠪᠦᠷᠢ ᠴᠥᠮ ᠬᠦᠴᠦᠨ ᠴᠢᠳᠠᠯ ᠪᠠ ᠣᠷᠭᠢᠯᠤᠮ᠎ᠠ | ᠰᠡᠳᠬᠢᠯᠭᠡ ᠪᠠᠷ ᠪᠢᠯᠬᠠᠵᠠᠢ᠃ ᠤᠷᠤᠯᠳᠤᠭᠠᠨ ᠳᠤ ᠣᠷᠣᠯᠴᠠᠭᠰᠠᠨ ᠪᠠᠭᠰᠢ ᠨᠠᠷ ᠪᠦᠬᠦ ᠬᠦᠴᠦᠨ ᠢᠶᠠᠷ ᠢᠶᠠᠨ | ᠴᠢᠷᠮᠠᠶᠢᠵᠤ᠂ ᠰᠦᠷ ᠵᠢᠪᠬᠤᠯᠠᠩᠲᠤ ᠪᠡᠶ᠎ᠡ ᠭᠠᠯᠪᠢᠷ ᠢᠶᠠᠨ ᠳᠡᠯᠭᠡᠨ ᠦᠵᠡᠭᠦᠯᠵᠦ᠂ ᠲᠤᠰᠬᠠᠶ ᠮᠡᠷᠭᠡᠵᠢᠯ ᠤᠨ ᠬᠡᠪ | ᠪᠣᠯᠪᠠᠰᠤᠷᠠᠯ ᠪᠠ ᠬᠤᠪᠢ ᠬᠥᠮᠦᠨ ᠤ ᠷᠢᠳᠢ ᠰᠢᠳᠢ ᠶᠢ ᠭᠦᠢᠴᠡᠳ ᠢᠯᠡᠷᠡᠭᠦᠯᠪᠡ᠃ ᠲᠣᠰ ᠤᠳᠠᠭᠠᠨ ᠤ ᠤᠷ᠎ᠠ | ᠴᠢᠳᠠᠪᠤᠷᠢ ᠶᠢᠨ ᠤᠷᠤᠯᠳᠤᠭᠠᠨ ᠢᠶᠠᠷ ᠳᠡᠮᠵᠢᠨ᠂ ᠮᠠᠨ ᠤ ᠰᠢᠶᠠᠨ ᠤ ᠪᠡᠶ᠎ᠡ ᠶᠢᠨ ᠲᠠᠮᠢᠷ ᠤᠨ ᠪᠠᠭᠰᠢ ᠨᠠᠷ ᠨᠢᠩᠴᠧᠩ | ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ | ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠭᠦᠢᠴᠡᠳ ᠢᠯᠡᠷᠡᠭᠦᠯᠵᠦ᠂ ᠮᠠᠨ ᠤ ᠰᠢᠶᠠᠨ ᠤ ᠪᠡᠶ᠎ᠡ ᠶᠢᠨ ᠲᠠᠮᠢᠷ ᠤᠨ | ᠪᠠᠭᠰᠢ ᠶᠢᠨ ᠭᠤᠤᠯᠯᠠᠬᠤ ᠬᠡᠪ ᠪᠣᠯᠪᠠᠰᠤᠷᠠᠯ ᠪᠠ ᠲᠤᠰᠬᠠᠶᠢᠵᠢᠭᠰᠠᠨ ᠬᠥᠭᠵᠢᠯᠲᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠳᠤ ᠬᠤᠪᠢ ᠨᠡᠮᠡᠷᠢ ᠦᠵᠡᠭᠦᠯᠪᠡ᠃ |