ᠨᠢᠩᠴᠧᠩ ᠰᠢᠶᠠᠨ ᠨᠢ ᠤᠯᠠᠭᠠᠨᠬᠠᠳᠠ ᠬᠤᠳᠠ ᠶᠢᠨ 2023 ᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠬᠦᠷᠢᠶᠡᠨ ᠳᠤ ᠬᠤᠶᠠᠳᠤᠭᠠᠷ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/6/12
    ᠣᠶᠢᠷ᠎ᠠ ᠳᠤ᠂ ᠤᠯᠠᠭᠠᠨᠬᠠᠳᠠ ᠬᠤᠲᠠ 2023 ᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ︽ᠬᠢᠷᠢ ᠪᠦᠲᠦᠮᠵᠢ ᠶᠢᠨ ᠬᠠᠭᠤᠳᠠᠰᠤ︾ ᠶᠢ ᠨᠡᠶᠢᠲᠡᠯᠡᠵᠦ᠂ ᠨᠢᠩᠴᠧᠩ ᠰᠢᠶᠠᠨ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠬᠦᠷᠢᠶ᠎ᠡ ᠴᠠᠷᠠᠭ᠎ᠠ ᠳᠤ ᠬᠤᠶᠠᠳᠤᠭᠠᠷ ᠲᠤ ᠣᠷᠣᠪᠠ᠃ ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠠᠶᠢᠭᠤᠯᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠣᠩᠬᠤ ᠨᠢ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠬᠢᠨᠠᠨ ᠵᠥᠪᠰᠢᠶᠡᠷᠡᠬᠦ ᠭᠠᠷᠳᠠᠮ ᠢ ᠳᠥᠭᠦᠮᠴᠢᠯᠡᠬᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠬᠤᠪᠢᠷᠠᠯᠲᠠ ᠶᠢ ᠲᠦᠷᠭᠡᠨ ᠴᠤᠤᠷᠢᠶᠠᠲᠤᠨ ᠳᠠᠭᠠᠬᠤ ᠳᠤ ᠬᠦᠴᠦᠨ ᠨᠡᠮᠡᠷᠢᠯᠡᠵᠦ ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠪᠡᠯᠡ ᠣᠷᠣᠭᠤᠯᠤᠯᠲᠠ ᠶᠢᠨ ᠲᠠᠲᠠᠬᠤ ᠬᠦᠴᠦᠨ ᠢ ᠳᠡᠭᠡᠭᠰᠢᠯᠡᠭᠦᠯᠪᠡ᠃ ᠠᠵᠤ ᠦᠢᠯᠡᠳᠪᠦᠷᠢ ᠶᠢᠨ ᠬᠦᠷᠢᠶᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠳᠡᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ ᠡᠭᠦᠨ ᠤ ᠬᠠᠮᠲᠤ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠴᠢᠩᠭᠠᠳᠬᠠᠵᠤ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号