ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯᠧᠺᠲᠷᠣᠨ ᠵᠢᠩᠯᠡᠭᠦᠷ ᠲᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/12
    ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠬᠠᠮᠠᠭᠠᠯᠠᠵᠤ᠂ ᠠᠷᠠᠳ ᠣᠯᠠᠨ ᠤ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠨ᠂ ᠡᠯᠧᠺᠲᠷᠣᠨ ᠵᠢᠩᠯᠡᠭᠦᠷ ᠤᠨ ︽ᠵᠢᠩ ᠳᠤᠲᠠᠭᠤ ᠳᠣᠷᠭᠤᠨ︾ ᠬᠡᠮᠵᠢᠬᠦ ᠬᠠᠤᠯᠢ ᠠᠴᠠ ᠵᠥᠷᠢᠴᠡᠭᠰᠡᠨ  ᠠᠵᠢᠯᠯᠠᠭ᠎ᠠ ᠶᠢ ᠡᠷᠡᠰ ᠬᠤᠷᠢᠭᠯᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯᠧᠺᠲᠷᠣᠨ ᠵᠢᠩᠯᠡᠭᠦᠷ ᠲᠤ ᠲᠤᠰᠬᠠᠶ ᠪᠠᠶᠢᠴᠠᠭᠠᠯᠲᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ︽ᠳᠠᠯᠳᠠᠭᠤᠷ ᠪᠠᠶᠢᠴᠠᠭᠠᠬᠤ︾ ᠪᠠ ᠬᠡᠪᠰᠢᠭᠰᠡᠨ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠯᠧᠺᠲᠷᠣᠨ ᠵᠢᠩᠯᠡᠭᠦᠷ ᠪᠣᠷᠣᠯᠠᠭᠤᠯᠬᠤ ᠭᠠᠵᠠᠷ ᠪᠠ ᠡᠯᠧᠺᠲᠷᠣᠨ ᠵᠢᠩᠯᠡᠭᠦᠷ ᠵᠠᠰᠠᠬᠤ ᠭᠠᠵᠠᠷ ᠲᠤ ᠬᠦᠷᠴᠦ᠂ ᠪᠣᠷᠣᠯᠠᠭᠤᠯᠬᠤ ᠪᠠ ᠰᠡᠯᠪᠢᠨ ᠵᠠᠰᠠᠬᠤ ᠶᠠᠪᠤᠴᠠ ᠳᠤ ᠭᠡᠮ ᠬᠢᠵᠦ ᠪᠠᠶᠢᠬᠤ ᠡᠰᠡᠬᠦ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃ ᠡᠭᠦᠨ ᠤ ᠬᠠᠮᠲᠤ᠂ ᠡᠵᠡᠩᠨᠡᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ ᠲᠡᠳᠡᠨ ᠤ ᠦᠨᠡᠨᠴᠢ ᠢᠲᠡᠭᠡᠮᠵᠢᠲᠡᠶ ᠡᠵᠡᠩᠨᠡᠯᠲᠡ ᠶᠢ ᠰᠢᠮᠳᠠᠭᠤᠯᠵᠤ᠂ ᠡᠷᠬᠡ ᠲᠡᠭᠰᠢ ᠲᠥᠪ ᠭᠤᠤᠯᠴᠢ᠂ ᠦᠨᠡᠨᠴᠢ ᠢᠲᠡᠭᠡᠮᠵᠢᠲᠡᠶ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠬᠡᠮᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃    ᠣᠲᠣ ᠪᠣᠯᠲᠠᠯ᠎ᠠ᠂ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢᠨ 95 ᠡᠷᠦᠬᠡ ᠶᠢᠨ ᠡᠯᠧᠺᠲᠷᠣᠨ ᠵᠢᠩᠯᠡᠭᠦᠷ ᠢ ᠨᠡᠶᠢᠲᠡ 117 ᠪᠠᠶᠢᠴᠠᠭᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠬᠦᠷᠢᠶ᠎ᠡ ᠶᠢ ᠦᠷᠭᠦᠯᠵᠢᠯᠡᠨ ᠴᠢᠩᠭ᠎ᠠ ᠠᠩᠬᠠᠷᠴᠤ᠂ ᠬᠡᠮᠵᠢᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ‌ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号