| ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ | ᠳᠢᠭᠯᠢᠮ ᠢ ᠤᠯᠠᠮ ᠨᠢᠭᠡ ᠠᠯᠬᠤᠮ ᠬᠠᠮᠠᠭᠠᠯᠠᠵᠤ᠂ ᠠᠷᠠᠳ ᠣᠯᠠᠨ ᠤ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠨ᠂ | ᠡᠯᠧᠺᠲᠷᠣᠨ ᠵᠢᠩᠯᠡᠭᠦᠷ ᠤᠨ ︽ᠵᠢᠩ ᠳᠤᠲᠠᠭᠤ ᠳᠣᠷᠭᠤᠨ︾ ᠬᠡᠮᠵᠢᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠡᠷᠡᠰ ᠬᠤᠷᠢᠭᠯᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ᠂ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯᠧᠺᠲᠷᠣᠨ ᠵᠢᠩᠯᠡᠭᠦᠷ ᠲᠤ ᠲᠤᠰᠬᠠᠶ | ᠪᠠᠶᠢᠴᠠᠭᠠᠯᠲᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ︽ᠳᠠᠯᠳᠠᠭᠤᠷ ᠪᠠᠶᠢᠴᠠᠭᠠᠬᠤ︾ ᠪᠠ ᠬᠡᠪᠰᠢᠭᠰᠡᠨ ᠬᠢᠨᠠᠯᠲᠠ ᠬᠠᠮᠢᠶᠠᠷᠤᠯᠲᠠ ᠶᠢ | ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠯᠧᠺᠲᠷᠣᠨ ᠵᠢᠩᠯᠡᠭᠦᠷ ᠪᠣᠷᠣᠯᠠᠭᠤᠯᠬᠤ ᠭᠠᠵᠠᠷ ᠪᠠ | ᠡᠯᠧᠺᠲᠷᠣᠨ ᠵᠢᠩᠯᠡᠭᠦᠷ ᠵᠠᠰᠠᠬᠤ ᠭᠠᠵᠠᠷ ᠲᠤ ᠬᠦᠷᠴᠦ᠂ ᠪᠣᠷᠣᠯᠠᠭᠤᠯᠬᠤ ᠪᠠ ᠰᠡᠯᠪᠢᠨ ᠵᠠᠰᠠᠬᠤ ᠶᠠᠪᠤᠴᠠ ᠳᠤ ᠭᠡᠮ | ᠬᠢᠵᠦ ᠪᠠᠶᠢᠬᠤ ᠡᠰᠡᠬᠦ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃ ᠡᠭᠦᠨ ᠤ ᠬᠠᠮᠲᠤ᠂ | ᠡᠵᠡᠩᠨᠡᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ ᠲᠡᠳᠡᠨ ᠤ ᠦᠨᠡᠨᠴᠢ ᠢᠲᠡᠭᠡᠮᠵᠢᠲᠡᠶ | ᠡᠵᠡᠩᠨᠡᠯᠲᠡ ᠶᠢ ᠰᠢᠮᠳᠠᠭᠤᠯᠵᠤ᠂ ᠡᠷᠬᠡ ᠲᠡᠭᠰᠢ ᠲᠥᠪ ᠭᠤᠤᠯᠴᠢ᠂ ᠦᠨᠡᠨᠴᠢ ᠢᠲᠡᠭᠡᠮᠵᠢᠲᠡᠶ ᠡᠮᠬᠢ ᠵᠢᠷᠤᠮ ᠲᠠᠢ | ᠵᠠᠬ᠎ᠠ ᠳᠡᠯᠭᠡᠭᠦᠷ ᠤᠨ ᠬᠡᠮᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠣᠲᠣ ᠪᠣᠯᠲᠠᠯ᠎ᠠ᠂ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢᠨ 95 ᠡᠷᠦᠬᠡ ᠶᠢᠨ ᠡᠯᠧᠺᠲᠷᠣᠨ | ᠵᠢᠩᠯᠡᠭᠦᠷ ᠢ ᠨᠡᠶᠢᠲᠡ 117 ᠪᠠᠶᠢᠴᠠᠭᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠬᠦᠷᠢᠶ᠎ᠡ ᠶᠢ ᠦᠷᠭᠦᠯᠵᠢᠯᠡᠨ | ᠴᠢᠩᠭ᠎ᠠ ᠠᠩᠬᠠᠷᠴᠤ᠂ ᠬᠡᠮᠵᠢᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ | ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨᠠᠵᠢᠯᠯᠠᠭᠠ ᠶᠢ ᠬᠠᠤᠯᠢ ᠲᠣᠭᠲᠠᠭᠠᠯ ᠶᠣᠰᠣᠭᠠᠷ | ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ | ᠬᠠᠮᠠᠭᠠᠯᠠᠨ᠎ᠠ᠃ |