ᠪᠠᠷᠬᠠᠨ ᠪᠠᠯᠭᠠᠰᠤ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠪᠠᠷ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/6/13
         ᠨᠢᠭᠡ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃ ᠪᠥᠬᠦ ᠲᠠᠯ᠎ᠠ ᠶᠢᠨ᠂ ᠣᠯᠠᠨ ᠲᠠᠯ᠎ᠠ ᠠᠴᠠ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠵᠡᠷᠭᠡᠪᠡᠷ ᠤᠬᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠣᠰᠬᠤᠨ ᠤ  ᠭᠡᠰᠡᠭ ᠬᠠᠮᠢᠶᠠᠷᠤᠬᠴᠢ ᠪᠠ ᠲᠥᠯᠥᠪᠯᠡᠭᠡᠲᠦ ᠦᠷᠡᠵᠢᠯ ᠤᠨ ᠲᠤᠰᠬᠠᠶ ᠺᠠᠳ᠋ᠷ ᠲᠣᠰᠬᠤᠨ ᠡᠷᠦᠬᠡ ᠳᠤ ᠬᠦᠷᠴᠦ᠂ ᠬᠠᠨᠳᠤᠯᠭᠠᠲᠤ ᠴᠢᠨᠠᠷᠲᠠᠶ ᠪᠠᠷ ᠤᠬᠠᠭᠤᠯᠭ᠎ᠠ ᠬᠢᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠳᠤ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠶᠢᠨ ᠨᠥᠬᠦᠪᠥᠷᠢ ᠣᠯᠭᠤᠬᠤ ᠡᠲᠡᠭᠡᠳ᠂ ᠨᠥᠬᠦᠪᠥᠷᠢ ᠥᠭᠬᠦ ᠠᠷᠭ᠎ᠠ ᠮᠠᠶ᠋ᠢᠭ᠂ ᠨᠥᠬᠦᠪᠥᠷᠢ ᠥᠭᠬᠦ ᠪᠠᠷᠢᠮᠵᠢᠶ᠎ᠠ ᠵᠢᠴᠢ ᠭᠤᠶᠤᠴᠢᠯᠠᠨ ᠮᠡᠳᠡᠭᠦᠯᠬᠦ ᠶᠠᠪᠤᠴᠠ ᠵᠡᠷᠭᠡ ᠦᠨᠳᠦᠰᠦᠨ ᠪᠠᠶᠢᠳᠠᠯ ᠢ ᠣᠶᠢᠯᠠᠭᠠᠭᠤᠯᠵᠤ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠬᠦ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃            ᠬᠤᠶᠠᠷ ᠲᠤ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠲᠣᠰᠬᠤᠨ ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠠᠬᠢ ᠰᠤᠷᠤᠭᠴᠢᠳ ᠤᠨ ᠮᠡᠳᠡᠭᠡ ᠵᠠᠩᠭᠢ ᠬᠢᠭᠡᠳ 2023 ᠣᠨ ᠤ ᠮᠡᠳᠡᠭᠦᠯᠦᠭᠰᠡᠨ ᠬᠠᠪᠤᠷ᠂ ᠨᠠᠮᠤᠷ ᠬᠤᠶᠠᠷ ᠰᠤᠷᠤᠯᠭ᠎ᠠ ᠶᠢᠨ ᠬᠤᠭᠤᠴᠠᠭᠠᠨ ᠤ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠶᠢᠨ ᠨᠥᠬᠦᠪᠥᠷᠢ ᠶᠢᠨ ᠨᠡᠷᠡᠰ᠂ ᠲᠣᠰ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠶᠢᠨ ᠵᠣᠬᠢᠬᠤ ᠨᠠᠰᠤᠨ ᠤ ᠰᠤᠷᠤᠭᠴᠢᠳ ᠢ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠭᠰᠡᠨ ᠡᠷᠦᠬᠡ ᠶᠢᠨ ᠬᠡᠷ ᠪᠦᠯᠢ ᠶᠢᠨ ᠦᠷ᠎ᠡ ᠬᠡᠤᠬᠡᠳ ᠤᠨ ᠰᠤᠷᠭᠠᠨ ᠬᠥᠮᠦᠵᠢᠯ ᠭᠥᠷᠳᠡᠭᠰᠡᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠨ᠂ ᠪᠠᠶᠢᠳᠠᠯ ᠢ ᠣᠶᠢᠯᠠᠭᠠᠬᠤ ᠡᠬᠡ ᠲᠠᠩᠰᠠ ᠪᠠᠶᠢᠭᠤᠯᠵᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠪᠡᠶᠡᠯᠡᠭᠦᠯᠪᠡ᠃           ᠭᠤᠷᠪᠠ ᠳᠤ᠂ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠎ᠠ᠃ ᠲᠤᠰᠬᠠᠶ ᠬᠥᠮᠦᠨ ᠵᠢᠭᠠᠨ ᠲᠣᠭᠲᠠᠭᠠᠵᠤ ︽ᠬᠤᠷ᠎ᠠ ᠶᠢᠨ ᠰᠢᠭᠦᠳᠡᠷᠢ ᠲᠥᠯᠥᠪᠯᠡᠭᠡ︾ ᠶᠢᠨ ᠭᠤᠶᠤᠴᠢᠯᠠᠬᠤ ᠲᠠᠰ ᠳᠠᠷᠠᠭᠠᠯᠠᠯ ᠶᠣᠰᠣᠭᠠᠷ᠂ ᠰᠣᠷᠣᠭᠴᠢ ᠶᠢᠨ ᠪᠡᠶ᠎ᠡ ᠭᠠᠷᠤᠯ ᠪᠠ ᠰᠤᠷᠭᠠᠭᠤᠯᠢ ᠶᠢᠨ ᠬᠠᠷᠢᠶᠠᠯᠠᠯ ᠤᠨ ᠭᠡᠷᠡᠴᠢ ᠶᠢ ᠬᠢᠨᠠᠨ ᠬᠠᠷᠭᠤᠭᠤᠯᠬᠤ ᠶᠢ ᠴᠢᠩᠳᠠᠯᠠᠵᠤ᠂ ᠭᠤᠶᠤᠴᠢᠯᠠᠨ ᠮᠡᠳᠡᠭᠦᠯᠦᠭᠴᠢ ᠶᠢᠨ ᠮᠡᠳᠡᠭᠡ ᠵᠠᠩᠭᠢ ᠶᠢ ᠪᠦᠷᠢᠨ ᠲᠡᠭᠦᠯᠳᠡᠷ᠂ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ︾ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠣᠲᠣ ᠪᠣᠯᠲᠠᠯ᠎ᠠ᠂ ᠪᠠᠷᠬᠠᠨ ᠪᠠᠯᠭᠠᠰᠤ 2024 ᠣᠨ ᠤ ᠬᠠᠪᠤᠷ ᠤᠨ ᠤᠯᠠᠷᠢᠯ ᠤᠨ ︽ᠪᠣᠷᠣᠭᠠᠨ ᠤ ᠰᠢᠭᠦᠳᠡᠷᠢ ᠶᠢᠨ ᠲᠥᠯᠥᠪᠯᠡᠭᠡ︾ ᠶᠢᠨ ᠨᠥᠬᠦᠪᠥᠷᠢ ᠮᠥᠩᠭᠦ ᠶᠢ ᠨᠡᠶᠢᠲᠡ 84 ᠬᠥᠮᠦᠨ ᠤᠳᠠᠭ᠎ᠠ ᠭᠤᠶᠤᠴᠢᠯᠠᠨ ᠮᠡᠳᠡᠭᠦᠯᠵᠦ᠂ 12.6 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号