ᠨᠢᠩᠴᠧᠩ ᠰᠢᠶᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2024/6/13
        ᠨᠢᠭᠡ ᠳᠤ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠶᠢ ᠴᠢᠩᠭᠠᠳᠬᠠᠵᠤ᠂ ᠦᠢᠯᠡᠰ ᠴᠣᠭᠴᠠᠯᠠᠬᠤ ᠦᠢᠯᠡᠴᠢᠯᠡᠭᠡ ᠶᠢ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠬᠥᠮᠦᠰ ᠤᠨ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠪᠣᠯᠪᠠᠰᠤᠷᠠᠯ ᠤᠨ ᠬᠦᠰᠡᠯᠲᠡ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠥᠷᠨᠢᠭᠦᠯᠵᠦ᠂ ᠪᠣᠯᠪᠠᠰᠤᠷᠠᠯ ᠤᠨ ᠠᠭᠤᠯᠭ᠎ᠠ ᠶᠢ ᠪᠣᠳᠠᠲᠠᠶ ᠭᠠᠵᠠᠷ ᠲᠤᠨᠢ ᠲᠣᠬᠢᠷᠠᠭᠤᠯᠤᠨ ᠲᠣᠭᠲᠠᠭᠠᠵᠤ᠂ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠵᠢᠭᠡᠯᠡᠯᠭᠡ ᠪᠠᠷ ᠠᠳᠠᠯ ᠦᠢᠯᠡᠰ ᠴᠣᠭᠴᠠᠯᠠᠬᠤ︾ ᠠᠵᠢᠯᠯᠠᠭ᠎ᠠ ᠶᠢᠨ ᠠᠵᠠ ᠲᠣᠬᠢᠶᠠᠯ ᠳᠤ ᠲᠦᠰᠢᠭᠯᠡᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠠᠭᠤᠨ ᠬᠥᠮᠦᠨ ᠤ ᠠᠳᠠᠯ ᠦᠢᠯᠡᠰ ᠴᠣᠭᠴᠠᠯᠠᠬᠤ ᠲᠥᠪᠯᠡᠷᠡᠭᠦᠯᠦᠨ ᠪᠣᠯᠪᠠᠰᠤᠷᠠᠭᠤᠯᠬᠤ ᠰᠠᠷ᠎ᠠ ᠶᠢᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠮᠡᠳᠡᠯᠭᠡ ᠰᠢᠨ᠎ᠡ ᠤᠷ᠎ᠠ ᠴᠢᠳᠠᠪᠤᠷᠢ ᠶᠢ ᠡᠵᠡᠮᠰᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠡᠩᠨᠡᠭᠡ᠂ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ᠂ ᠠᠳᠠᠯ ᠦᠢᠯᠡᠰ ᠴᠣᠭᠴᠠᠯᠠᠬᠤ ᠵᠠᠯᠠᠭᠤᠴᠤᠳ᠂ ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ 40 ᠬᠦᠮᠦᠨ ᠢ ᠨᠢᠭᠡᠳᠦᠭᠡᠷ ᠬᠤᠭᠤᠴᠠᠭᠠᠨ ᠤ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯᠯᠠᠭ᠎ᠠ ᠳᠤ ᠣᠷᠣᠯᠴᠠᠭᠤᠯᠬᠤ ᠪᠠᠷ ᠴᠢᠷᠮᠠᠶᠢᠨ᠎ᠠ᠃          ᠬᠤᠶᠠᠷ ᠲᠤ᠂ ᠪᠣᠯᠪᠠᠰᠤᠷᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠦᠢᠯᠡᠰ ᠴᠣᠭᠴᠠᠯᠠᠬᠤ ᠦᠢᠯᠡᠴᠢᠯᠡᠭᠡ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠨᠡᠷ᠎ᠡ ᠴᠤᠤᠲᠠᠢ ᠰᠦᠯᠵᠢᠶᠡᠨ ᠤ ᠰᠢᠭᠤᠳ ᠨᠡᠪᠲᠡᠷᠡᠭᠦᠯᠬᠦ ᠦᠢᠯᠡᠰ ᠴᠣᠭᠴᠠᠯᠠᠬᠤ ᠵᠢᠯᠣᠭᠤᠳᠣᠭᠴᠢ ᠶᠢ ᠤᠷᠢᠵᠤ ᠯᠧᠺᠲ᠋ᠣᠷ ᠢᠶᠠᠷ ᠡᠭᠦᠷᠭᠡᠯᠡᠭᠦᠯᠵᠦ᠂ ᠢᠨᠲ᠋ᠧᠷ ᠰᠦᠯᠵᠢᠶᠡᠨ ᠤ ᠨᠥᠯᠥᠭᠡ᠂ ᠰᠢᠭᠤᠳ ᠨᠡᠪᠲᠡᠷᠡᠭᠦᠯᠭᠡ ᠶᠢᠨ ᠪᠠᠶᠢᠷᠢ ᠲᠣᠭᠲᠠᠭᠠᠯᠲᠠ᠂ ᠰᠡᠭᠦᠳᠡᠷᠯᠡᠬᠦ ᠤᠷ᠎ᠠ ᠮᠡᠷᠭᠡᠵᠢᠯ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠳᠦᠷᠢᠮ ᠵᠡᠷᠭᠡ ᠠᠭᠤᠯᠭ᠎ᠠ ᠶᠢᠨ ᠲᠣᠭᠤᠷᠢᠨ ᠳᠤ᠂ ᠰᠢᠶᠠᠨ ᠤ ᠬᠡᠪᠴᠢᠶᠡᠨ ᠳᠣᠲᠣᠷᠠᠬᠢ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠵᠠᠯᠠᠭᠤᠴᠤᠳ᠂ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠡᠵᠡᠩᠨᠡᠭᠴᠢ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠬᠦᠰᠡᠯ ᠡᠷᠡᠮᠡᠯᠵᠡᠯ ᠲᠠᠢ ᠦᠢᠯᠡᠰ ᠴᠣᠭᠴᠠᠯᠠᠭᠴᠢᠳ ᠲᠤ ᠲᠥᠪᠯᠡᠷᠡᠭᠦᠯᠦᠨ ᠪᠣᠯᠪᠠᠰᠤᠷᠠᠯ ᠬᠦᠷᠲᠡᠭᠡᠵᠦ᠂ ᠪᠣᠯᠪᠠᠰᠤᠷᠠᠯ ᠳᠤ ᠣᠷᠣᠯᠴᠠᠭᠰᠠᠨ  ᠬᠦᠮᠦᠰ ᠤᠨ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠪᠠ ᠥᠷᠢᠰᠥᠯᠳᠦᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃           ᠭᠤᠷᠪᠠ ᠳᠤ᠂ ᠪᠣᠯᠪᠠᠰᠤᠷᠠᠯ ᠤᠨ ᠵᠠᠭᠪᠤᠷ ᠤᠨ ᠰᠢᠨ᠎ᠡ ᠶᠢ ᠡᠭᠦᠳᠴᠦ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠲᠤᠬᠠᠶ ᠶᠢᠨ ᠲᠠᠯᠠᠪᠤᠷ ᠲᠤ ᠪᠣᠯᠪᠠᠰᠤᠷᠠᠯ ᠬᠢᠬᠦ᠂ ᠲᠤᠬᠠᠶ ᠶᠢᠨ ᠲᠠᠯᠠᠪᠤᠷ ᠲᠤ ᠪᠣᠳᠠᠲᠠᠶ ᠪᠣᠯᠪᠠᠰᠤᠷᠠᠯ ᠬᠢᠬᠦ᠂ ᠰᠦᠯᠵᠢᠶ᠎ᠡ ᠪᠠᠷ ᠠᠯᠤᠰ ᠠᠴᠠ ᠰᠡᠵᠢᠭ ᠢ ᠲᠠᠶᠢᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠢᠴᠢᠶᠡᠯ ᠤᠨ ᠲᠣᠬᠢᠷᠠᠭᠤᠯᠤᠯᠲᠠ ᠨᠢ ᠪᠥᠬᠦ ᠲᠠᠯ᠎ᠠ ᠪᠠᠷ ᠵᠦᠶ ᠵᠣᠬᠢᠰᠲᠠᠶ ᠪᠠᠶᠢᠵᠤ᠂ ᠣᠨᠣᠯ ᠤᠨ ᠬᠢᠴᠢᠶᠡᠯ ᠢ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠪᠠᠷᠠᠬᠤ ᠥᠬᠡᠶ ᠪᠠᠰᠠ ᠠᠷᠢᠬᠢᠨ ᠤ ᠦᠢᠯᠡᠰ ᠤᠨ ᠨᠡᠶᠢᠭᠡᠮᠯᠢᠭ᠂ ᠽᠢ ᠮᠧᠩ ᠬᠤ᠋ ᠦᠵᠡᠮᠵᠢ ᠶᠢᠨ ᠣᠷᠣᠨ ᠵᠡᠷᠭᠡ ᠭᠠᠵᠠᠷ ᠲᠤ ᠬᠦᠷᠴᠦ᠂ ᠰᠦᠯᠵᠢᠶᠡᠨ ᠭᠠᠳᠠᠨᠠᠬᠢ ᠰᠢᠭᠤᠳ ᠨᠡᠪᠲᠡᠷᠡᠭᠦᠯᠭᠡ ᠶᠢᠨ ᠤᠷ᠎ᠠ ᠴᠢᠳᠠᠪᠤᠷᠢ ᠶᠢᠨ ᠪᠣᠳᠠᠲᠠᠶ ᠬᠢᠴᠢᠶᠡᠯ ᠢ ᠥᠷᠨᠢᠭᠦᠯᠵᠦ᠂ ᠤᠷ᠎ᠠ ᠴᠢᠳᠠᠪᠤᠷᠢ ᠶᠢ ᠬᠥᠮᠦᠵᠢᠭᠦᠯᠬᠦ᠂ ᠦᠢᠯᠡᠳᠦᠯᠭᠡ ᠶᠢ ᠬᠤᠪᠢᠷᠠᠭᠤᠯᠬᠤ ᠶᠢ ᠳᠣᠪᠤᠶᠢᠯᠭᠠᠨ᠂  ᠬᠦᠮᠦᠰ ᠲᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠷ᠎ᠠ ᠮᠡᠷᠭᠡᠵᠢᠯ ᠢ ᠦᠨᠡᠨ ᠬᠦ ᠡᠵᠡᠮᠰᠢᠭᠦᠯᠵᠦ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠢᠯ ᠲᠥᠷᠥᠯ ᠤᠨ ︽ᠬᠥᠳᠡᠭᠡ ᠪᠠᠭᠤᠵᠤ ᠠᠵᠤ ᠠᠬᠤᠶᠢᠯᠠᠯ ᠳᠤ ᠣᠷᠣᠭᠤᠯᠬᠤ︾ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号